ᠯᠢᠨᠰᠢ ᠰᠢᠶᠠᠨ ᠪᠦᠬᠦ ᠵᠢᠯ ᠤᠨ ᠣᠢ ᠰᠢᠭᠤᠶ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠪᠡ
ᠨᠡᠶᠢᠲᠡᠯᠡᠭᠰᠡᠨ ᠴᠠᠭ᠄
2019-11-27
        ᠯᠢᠨᠰᠢ ᠰᠢᠶᠠᠨ ᠪᠦᠲᠦᠭᠡᠨ ᠪᠠᠶᠢᠭᠤᠯᠬᠤ ᠪᠠ ᠬᠠᠮᠠᠭᠠᠯᠠᠬᠤ ᠶᠢ ᠵᠡᠷᠬᠡᠪᠡᠷ ᠴᠢᠬᠤᠯᠠᠴᠢᠯᠠᠬᠤ ᠶᠡᠷᠦᠩᠬᠡᠶ ᠰᠡᠳᠬᠢᠴᠡ ᠶᠢ ᠪᠠᠷᠢᠮᠲᠠᠯᠠᠵᠤ᠂ ᠡᠨᠡ ᠵᠢᠯ 1.9 ᠲᠦᠮᠡᠨ ᠮᠦ ᠰᠠᠯᠬᠢ ᠲᠤᠭᠤᠰᠤᠨ ᠤ ᠡᠬᠢ ᠶᠢ ᠬᠥᠮᠦᠨ ᠤ ᠬᠦᠴᠦ ᠪᠠᠷ ᠣᠶᠢᠵᠢᠭᠤᠯᠵᠤ᠂ 2 ᠲᠦᠮᠡᠨ ᠮᠦ ᠲᠠᠷᠢᠶᠠᠯᠠᠬᠤ ᠶᠢ ᠵᠣᠭᠰᠣᠭᠠᠵᠤ ᠣᠢ ᠮᠣᠳᠣ ᠨᠥᠬᠦᠵᠦ ᠲᠠᠷᠢᠬᠤ ᠡᠭᠦᠷᠭᠡ ᠶᠢ ᠪᠡᠶᠡᠯᠡᠬᠦᠯᠪᠡ᠂ ᠨᠡᠶᠢᠬᠡᠮ ᠤᠨ ᠬᠢᠨ 1.1 ᠲᠦᠮᠡᠨ ᠮᠦ ᠣᠢ ᠮᠣᠳᠣ ᠲᠠᠷᠢᠵᠤ᠂ 0.5 ᠲᠦᠮᠡᠨ ᠮᠦ ᠠᠭᠤᠯᠠ ᠶᠢ ᠪᠢᠲᠡᠭᠦᠮᠵᠢᠯᠡᠨ ᠣᠢ ᠮᠣᠳᠣ ᠲᠠᠷᠢᠵᠤ᠂ 0.5 ᠲᠦᠮᠡᠨ ᠮᠦ ᠣᠢ ᠰᠢᠭᠤᠶ ᠠᠷᠠᠴᠢᠯᠠᠨ ᠪᠤᠶᠢᠵᠢᠭᠤᠯᠤᠨ᠂ 1 ᠲᠦᠮᠡᠨ ᠮᠦ ᠣᠢ ᠰᠢᠭᠤᠶ ᠲᠠᠷᠢᠵᠤ ᠤᠷᠭᠤᠭᠤᠯᠵᠠᠢ᠃ ᠥᠨᠳᠥᠷ ᠦᠷ᠎ᠡ ᠠᠰᠢᠭᠲᠤ ᠡᠯᠪᠡᠭ ᠬᠤᠷᠢᠶᠠᠯᠲᠠ ᠲᠠᠢ ᠠᠵᠤ ᠠᠬᠤᠢ ᠶᠢᠨ ᠣᠢ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠳᠠ ᠶᠢ 3.84 ᠲᠦᠮᠡᠨ ᠮᠦ ᠪᠡᠶᠡᠯᠡᠭᠦᠯᠵᠦ᠂ 2 ᠲᠦᠮᠡᠨ ᠮᠦ ᠳᠣᠣᠷ᠎ᠠ ᠤᠨᠠᠯᠲᠠ ᠲᠠᠢ ᠣᠢ ᠰᠢᠭᠤᠢ ᠶᠢᠨ ᠥᠭᠡᠷᠡᠴᠢᠯᠡᠯᠲᠡ ᠶᠢ ᠪᠡᠶᠡᠯᠡᠬᠦᠯᠪᠡ᠃ ᠤᠷᠭᠤᠮᠠᠯ ᠬᠤᠴᠢᠯᠭ᠎ᠠ ᠶᠢ ᠰᠡᠷᠭᠦᠭᠡᠬᠦ᠂ ᠬᠦᠢᠯᠡᠰᠦᠨ ᠮᠤᠳᠤ ᠵᠠᠯᠭᠠᠬᠤ ᠵᠢᠴᠢ ᠣᠢ ᠰᠢᠭᠤᠶ ᠶᠢ ᠠᠷᠠᠴᠢᠯᠠᠨ ᠲᠤᠳᠤᠮᠳᠠᠬᠤ ᠵᠡᠷᠭᠡ 3 ᠵᠦᠢᠯ ᠤᠨ ᠢᠨᠵᠧᠨᠧᠷᠢᠩ ᠤᠨ ᠬᠢᠷᠢ ᠲᠡᠩᠴᠡᠭᠰᠡᠨ ᠨᠣᠷᠮ᠎ᠠ ᠨᠢ 100 % ᠪᠠᠶᠢᠵᠤ᠂ ᠰᠢᠨ᠎ᠡ ᠪᠠᠷ ᠪᠠᠶᠢᠭᠤᠯᠤᠭᠰᠠᠨ ᠠᠵᠤ ᠠᠬᠤᠢ ᠶᠢᠨ ᠣᠢ ᠵᠢᠴᠢ ᠬᠥᠮᠦᠨ ᠤ ᠬᠦᠴᠦ ᠪᠠᠷ ᠣᠶᠢᠵᠢᠭᠤᠯᠤᠭᠰᠠᠨ ᠲᠥᠷᠥᠯ ᠵᠦᠢᠯ ᠤᠨ ᠬᠢᠷᠢ ᠲᠡᠩᠴᠡᠭᠰᠡᠨ ᠨᠣᠷᠮ᠎ᠠ ᠨᠢ ᠴᠥᠮ85 % ᠠᠴᠠ ᠳᠡᠭᠡᠭᠰᠢ ᠳᠤ ᠬᠦᠷᠦᠭᠰᠡᠨ ᠪᠠᠶᠢᠨ᠎ᠠ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号