ᠯᠢᠨᠰᠢ ᠰᠢᠶᠠᠨ ᠤ ᠨᠠᠰᠤᠳᠠᠶᠢᠴᠤᠳ ᠤᠨ ᠰᠤᠪᠢᠯᠠᠯᠲᠠ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠲᠣᠭᠲᠠᠭᠤᠨ ᠢᠶᠠᠷ ᠠᠬᠢᠪᠠ
ᠨᠡᠶᠢᠲᠡᠯᠡᠭᠰᠡᠨ ᠴᠠᠭ᠄
2019-11-29
         ᠨᠡᠶᠢᠬᠡᠮ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠵᠥᠷᠢᠶ᠎ᠡ ᠶᠢᠨ ᠬᠡᠷᠡᠭᠴᠡᠭᠡ ᠱᠠᠭᠠᠷᠳᠠᠯᠭ᠎ᠠ ᠶᠢ ᠠᠯᠬᠤᠮ ᠠᠯᠬᠤᠮ ᠢᠶᠠᠷ ᠬᠠᠩᠭᠠᠵᠤ᠂ ᠨᠠᠰᠤᠲᠠᠶᠢᠴᠤᠳ ᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠨᠠᠰᠤᠲᠠᠶᠢᠴᠤᠳ ᠤᠨ ᠣᠷᠣᠨ ᠰᠠᠭᠤᠴᠠ ᠪᠠ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠯᠢᠨᠰᠢ ᠰᠢᠶᠠᠨ ᠤ ᠨᠠᠰᠤᠲᠠᠶᠢᠴᠤᠳ ᠤᠨ ᠰᠤᠪᠢᠯᠠᠯᠲᠠ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠦᠢᠷ᠎ᠠ ᠶᠢᠨ ᠬᠤᠭᠤᠴᠠᠭᠠᠨ ᠲᠤ ᠠᠵᠢᠯ ᠡᠬᠢᠯᠡᠭᠦᠯᠦᠨ ᠪᠦᠲᠦᠭᠡᠨ ᠪᠠᠶᠢᠭᠤᠯᠪᠠ ᠃ ᠲᠣᠰ ᠲᠥᠷᠥᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ 1598 ᠲᠦᠮᠡᠨ ᠲᠥᠭᠦᠷᠢᠭ ᠪᠠᠶᠢᠵᠤ᠂ ᠲᠥᠰᠦᠪ ᠤᠨ ᠳᠣᠲᠣᠷᠠᠬᠢ ᠪᠡᠯᠡ ᠮᠥᠩᠭᠦ ᠶᠢ 1202 ᠲᠦᠮᠡᠨ ᠲᠥᠭᠦᠷᠢᠭ ᠪᠠᠭᠤᠯᠭᠠᠪᠠ᠃        ᠲᠣᠰ ᠲᠥᠷᠥᠯ ᠵᠦᠢᠯ ᠨᠢ ᠣᠳᠣᠬᠠᠨ ᠳᠤ ᠨᠢᠭᠡᠨᠲᠡ ᠪᠠᠷᠤᠭ 300 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠵᠢᠱᠢᠯᠲᠡ ᠪᠠᠷ 2020 ᠤᠨ ᠵᠢᠯ ᠤᠨ ᠡᠴᠦᠰ ᠠᠴᠠ ᠡᠮᠦᠨ᠎ᠡ ᠠᠵᠢᠯ ᠢᠶᠠᠨ ᠳᠠᠭᠤᠰᠬᠠᠬᠤ ᠶᠢᠨ ᠬᠠᠮᠲᠤ ᠠᠰᠢᠭᠯᠠᠯᠲᠠ ᠳᠤ ᠣᠷᠣᠭᠤᠯᠤᠨ᠎ᠠ᠃        ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠰᠢᠨ᠎ᠡ ᠪᠠᠷ 160 ᠣᠷᠣ ᠨᠡᠮᠡᠵᠦ ᠪᠣᠯᠤᠨ᠎ᠠ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠲᠥᠷᠥᠯ ᠵᠦᠢᠯ ᠪᠣᠯᠤᠭᠰᠠᠨ ᠤ ᠬᠤᠪᠢ ᠳᠤ᠂ ᠲᠣᠰ ᠭᠠᠵᠠᠷ ᠤᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠠᠰᠠᠭᠤᠳᠠᠯ ᠢ ᠨᠠᠩ ᠰᠠᠶᠢᠲᠤᠷ ᠰᠡᠢᠳᠪᠦᠷᠢᠯᠡᠬᠦ ᠪᠣᠯᠤᠨ᠎ᠠ᠂ ᠡᠨᠡ ᠨᠢ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠰᠢᠰᠲ᠋ᠧᠮ ᠢ ᠲᠡᠭᠦᠯᠳᠡᠷᠵᠢᠭᠦᠯᠬᠦ ᠲᠠᠯ᠎ᠠ ᠪᠠᠷ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号