ᠲᠠᠪᠢᠨ ᠬᠡᠷ ᠲᠣᠮᠢᠯᠠᠭᠰᠠᠨ ᠰᠠᠯᠪᠤᠷᠢ ᠬᠠᠷᠢᠶ᠎ᠠ ᠣᠷᠣᠨ ᠤ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠪᠡ
ᠨᠡᠶᠢᠲᠡᠯᠡᠭᠰᠡᠨ ᠴᠠᠭ᠄
2019-11-29
        ᠲᠠᠪᠢᠨ ᠬᠡᠷ ᠲᠣᠮᠢᠯᠠᠭᠰᠠᠨ ᠰᠠᠯᠪᠤᠷᠢ ᠬᠠᠷᠢᠶ᠎ᠠ ᠣᠷᠣᠨ ᠤ ᠪᠠᠨ ᠡᠪᠦᠯ ᠤᠨ ᠤᠯᠠᠷᠢᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠳᠤ ᠲᠤᠯᠭᠠᠷᠠᠵᠤ ᠪᠠᠶᠢᠭ᠎ᠠ ᠪᠣᠳᠠᠲᠤ ᠪᠠᠶᠢᠳᠠᠯ ᠳᠤ ᠴᠢᠭᠯᠡᠭᠦᠯᠦᠨ᠂ ᠢᠳᠡᠪᠬᠢᠲᠡᠶ ᠪᠠᠷ ᠠᠷᠭ᠎ᠠ ᠬᠡᠮᠵᠢᠶ᠎ᠡ ᠠᠪᠴᠤ᠂ ᠬᠠᠷᠢᠶᠠᠨ ᠳᠠᠬᠢ ᠠᠶᠤᠯᠭᠦᠶ ᠦᠢᠯᠡᠳᠪᠦᠷᠢᠯᠡᠯ ᠤᠨ ᠠᠵᠢᠯ ᠢ ᠪᠦᠬᠦ ᠬᠦᠴᠦ ᠪᠠᠷ ᠢᠶᠠᠨ ᠰᠠᠶᠢᠲᠤᠷ ᠬᠢᠵᠦ᠂ ᠠᠮᠤᠷ ᠲᠦᠪᠰᠢᠨ ᠤ ᠡ᠊ᠨᠳᠡᠯ ᠭᠠᠷᠬᠤ ᠶᠢ ᠡᠷᠡᠰ ᠬᠤᠷᠢᠭᠯᠠᠪᠠ᠃        ᠨᠢᠭᠡ᠂ ᠠᠶᠤᠯᠲᠠᠶ ᠡᠳ᠋ ᠪᠣᠳᠠᠰ ᠤᠨ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠶ᠃ ᠠᠷᠠᠳ ᠤᠨ ᠴᠠᠭᠳᠠᠭ᠎ᠠ ᠶᠢ ᠵᠣᠬᠢᠶᠠᠨ ᠪᠠᠶᠢᠭᠤᠯᠤᠨ ᠠᠮᠤᠷ ᠲᠦᠪᠰᠢᠨ ᠤ ᠶᠡᠭᠡ ᠪᠠᠶᠢᠴᠠᠭᠠᠯᠲᠠ ᠬᠢᠵᠦ᠂ ᠳᠡᠯᠪᠡᠷᠡᠯᠲᠡ ᠳᠤ ᠬᠤᠯᠪᠣᠭᠳᠠᠭᠰᠠᠨ ᠨᠢᠭᠡᠴᠡ᠂ ᠠᠭᠤᠷᠬᠠᠶ ᠵᠢᠴᠢ ᠭᠤᠤᠯᠳᠠᠯᠭ᠎ᠠ ᠲᠠᠢ ᠣᠷᠣᠨ ᠪᠠᠶᠢᠷᠢ ᠶᠢ ᠵᠢᠭᠰᠠᠭᠠᠨ ᠪᠠᠶᠢᠴᠠᠭᠠᠬᠤ ᠡᠷᠴᠢᠮ ᠢ ᠭᠤᠤᠯᠳᠠᠯᠭ᠎ᠠ ᠲᠠᠢ ᠴᠢᠩᠭᠠᠳᠬᠠᠵᠤ᠂ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠬᠡᠷᠡᠭ ᠤᠨ ᠡᠭᠦᠰᠬᠦ ᠶᠢ ᠬᠤᠷᠢᠭᠯᠠᠬᠤ ᠶᠢ ᠭᠤᠤᠯᠳᠠᠯᠭ᠎ᠠ ᠲᠠᠢ ᠴᠢᠩᠭᠠᠳᠬᠠᠬᠤ ᠬᠡᠷᠡᠭᠲᠡᠶ᠃        ᠬᠤᠶᠠᠷ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠷᠠᠭᠤᠯᠬᠤ ᠬᠡᠷᠡᠭᠲᠡᠶ᠃  ᠭᠠᠯ ᠤᠨᠲᠠᠷᠠᠭᠠᠬᠤ ᠠᠮᠤᠷ ᠲᠦᠪᠰᠢᠨ ᠤ ᠶᠡᠭᠡ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠮᠤᠷ ᠲᠦᠪᠰᠢᠨ ᠪᠤᠰᠤ ᠬᠦᠴᠦᠨ ᠵᠦᠢᠯ ᠢ ᠴᠠᠭ ᠲᠤᠬᠠᠶ ᠳᠤᠨᠢ ᠠᠷᠢᠯᠭᠠᠬᠤ ᠬᠡᠷᠡᠭᠲᠡᠶ᠃ ᠵᠣᠴᠢᠳ ᠤᠨ ᠪᠠᠭᠤᠳᠠᠯ᠂ ᠬᠤᠭᠤᠯᠠᠨ ᠭᠡᠷ᠂ ᠡᠮᠨᠡᠯᠭᠡ ᠶᠢᠨ ᠬᠤᠷᠢᠶ᠎ᠠ᠂ ᠰᠤᠷᠭᠠᠭᠤᠯᠢ ᠵᠡᠷᠭᠡ ᠬᠥᠮᠦᠨ ᠣᠯᠠᠨ ᠬᠤᠷᠠᠵᠤ ᠴᠤᠭᠯᠠᠷᠠᠬᠤ ᠭᠠᠵᠠᠷ ᠲᠠᠯᠠᠪᠤᠷ ᠵᠢᠴᠢ ᠭᠡᠷ ᠪᠠᠷᠢᠯᠭ᠎ᠠ ᠶᠢᠨ ᠨᠢᠭᠡᠴᠡ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠰᠢᠮᠳᠠᠭᠤᠯᠤᠨ ᠨᠠᠶᠢᠳᠠᠪᠤᠷᠢᠵᠢᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠭᠡᠮ ᠰᠣᠭᠤᠭ ᠢ ᠴᠢᠩᠭ᠎ᠠ ᠵᠢᠷᠤᠮᠯᠠᠨ᠂ ᠡᠯ᠎ᠡ ᠵᠦᠢᠯ ᠤᠨ ᠭᠠᠯ ᠤᠨ ᠠᠶᠤᠯ ᠤᠨ ᠳᠠᠯᠳᠠ ᠭᠡᠮ ᠢ ᠠᠷᠢᠯᠭᠠᠬᠤ ᠬᠡᠷᠡᠭᠲᠡᠶ᠃        ᠭᠤᠷᠪᠠ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠴᠢᠩᠭᠠᠷᠠᠭᠤᠯᠬᠤ ᠬᠡᠷᠡᠭᠲᠡᠶ᠃ ᠣᠳᠣᠬᠠᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠶᠢᠳᠠᠯ ᠢ ᠬᠦᠢᠴᠡᠳ ᠲᠠᠨᠢᠵᠤ᠂ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠭᠤᠤᠯᠳᠠᠯᠭ᠎ᠠ ᠪᠠᠨ ᠳᠣᠪᠤᠶᠢᠯᠭᠠᠵᠤ᠂ ᠵᠠᠮ ᠬᠠᠷᠢᠯᠴᠠᠭᠠᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠬᠦ ᠪᠠ ᠪᠠᠭᠠᠰᠬᠠᠬᠤ ᠬᠡᠷᠡᠭᠲᠡᠶ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号