ᠯᠢᠨᠰᠢ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠢ ᠬᠠᠮᠲᠤᠷᠠᠨ ᠡᠷᠡᠬᠦᠯᠵᠢᠯ ᠤᠨ ᠢᠳᠡᠬᠡᠨ ᠤ ᠠᠵᠢᠯ ᠲᠥᠷᠥᠯ ᠳᠤ ᠲᠤᠰᠬᠠᠢ ᠴᠡᠭᠴᠡᠯᠡᠯᠳᠠ ᠬᠢᠪᠠ
ᠨᠡᠶᠢᠲᠡᠯᠡᠭᠰᠡᠨ ᠴᠠᠭ᠄
2019-11-29
        ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠴᠠ ︽ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ︽ᠤᠭ ᠰᠠᠨᠠᠭ᠎ᠠ ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ︾ ᠭᠤᠤᠯ ᠰᠡᠳᠦᠪᠲᠦ ᠬᠥᠮᠦᠵᠢᠯ ᠤᠨ ᠳᠤᠮᠳᠠ ᠢᠳᠡᠭᠡᠨ ᠤ ᠠᠮᠤᠷ ᠲᠦᠪᠰᠢᠨ ᠤ ᠠᠰᠠᠭᠤᠳᠠᠯ ᠢ ᠴᠡᠭᠴᠡᠯᠡᠨ ᠵᠠᠰᠠᠬᠤ ᠬᠠᠮᠲᠤᠷᠠᠭᠰᠠᠨ ᠠᠵᠢᠯᠯᠠᠭ᠎ᠠ ᠥᠷᠨᠢᠭᠦᠯᠬᠦ ᠲᠤᠬᠠᠶ ᠮᠡᠳᠡᠭᠳᠡᠯ︾ ︵ᠤᠯᠠᠭᠠᠨᠬᠠᠳᠠ ᠬᠤᠲᠠ ᠶᠢᠨ ᠢᠳᠡᠭᠡᠨ ᠬᠢᠨᠠᠯᠳᠠ ᠶᠡᠷᠦᠩᠬᠡᠶ ᠦᠰᠦᠭ ︹ 2019 ︺ ᠳ᠋ᠤᠭᠠᠷ ᠲᠣᠭᠠᠲᠤ︶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠦᠢᠷ᠎ᠠ ᠳᠤ᠂ ᠯᠢᠨᠰᠢ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠢ ᠬᠠᠮᠲᠤᠷᠠᠨ ᠡᠷᠡᠬᠦᠯᠵᠢᠯ ᠤᠨ ᠢᠳᠡᠬᠡᠨ ᠤ ᠠᠵᠢᠯ ᠲᠥᠷᠥᠯ ᠳᠤ ᠲᠤᠰᠬᠠᠶ ᠴᠡᠭᠴᠡᠯᠡᠯᠳᠠ ᠬᠢᠵᠤ᠂ ᠬᠤᠳᠠᠯ ᠬᠠᠭᠤᠷᠮᠠᠭ ᠤᠬᠠᠭᠤᠯᠭ᠎ᠠ ᠪᠠ ᠲᠣᠭᠲᠠᠭᠠᠯ ᠠᠴᠠ ᠵᠥᠷᠢᠴᠡᠨ ᠪᠣᠷᠣᠯᠠᠭᠤᠯᠬᠤ ᠠᠰᠠᠭᠤᠳᠠᠯ ᠢ ᠴᠢᠩᠭ᠎ᠠ ᠪᠠᠶᠢᠴᠠᠭᠠᠨ ᠰᠡᠢᠳᠪᠦᠷᠢᠯᠡᠪᠡ᠃        ᠯᠢᠨᠰᠢ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠯᠢᠨᠰᠢ ᠰᠢᠶᠠᠨ ᠤ ᠬᠢᠵᠠᠭᠠᠷ ᠲᠤ ᠪᠠᠶᠢᠭ᠎ᠠ ᠮᠠᠰᠢᠨ ᠲᠡᠷᠭᠡᠨ ᠤ ᠥᠷᠲᠡᠭᠡ᠂ ᠵᠣᠴᠢᠳ ᠤᠨ ᠪᠠᠭᠤᠳᠠᠯ᠂ ᠰᠤᠷᠭᠠᠭᠤᠯᠢ ᠶᠢᠨ ᠡᠷᠭᠢᠨ ᠲᠣᠭᠤᠷᠢᠨ ᠤ ᠨᠠᠰᠤᠨ ᠳᠤ ᠬᠦᠷᠦᠭᠰᠡᠳ ᠤᠨ ᠬᠡᠷᠡᠭᠯᠡᠭᠡᠨ ᠤ ᠡᠳ᠋ ᠤᠨ ᠳᠡᠯᠭᠡᠭᠦᠷ ᠪᠠ ᠡᠷᠡᠬᠦᠯᠵᠢᠯ ᠤᠨ ᠡᠳ᠋ ᠤᠨ ᠲᠤᠰᠬᠠᠶ ᠬᠤᠳᠠᠯᠳᠤᠭᠠᠨ ᠤ ᠳᠡᠯᠭᠡᠭᠦᠷ ᠲᠤ ᠡᠷᠡᠬᠦᠯᠵᠢᠯ ᠤᠨ ᠡᠳ᠋ ᠤᠨ ᠱᠣᠰᠢᠭ᠎ᠠ᠂ ᠲᠣᠳᠣᠷᠬᠠᠶᠢᠯᠠᠯᠲᠠ ᠶᠢᠨ ᠪᠢᠴᠢᠭ ᠲᠤ ᠬᠤᠳᠠᠯ ᠬᠠᠭᠤᠷᠮᠠᠭ ᠤᠬᠠᠭᠤᠯᠬᠤ ᠠᠭᠤᠯᠭ᠎ᠠ ᠪᠦᠬᠦᠢ ᠡᠷᠡᠬᠦᠯᠵᠢᠯ ᠤᠨ ᠡᠳ᠋ ᠢ ᠪᠠᠶᠢᠴᠠᠭᠠᠨ ᠰᠡᠢᠳᠪᠦᠷᠢᠯᠡᠪᠡ︔ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ᠂ ᠡᠮᠨᠡᠨ ᠵᠠᠰᠠᠬᠤ ᠴᠢᠳᠠᠮᠵᠢᠲᠤ ᠡᠷᠡᠬᠦᠯᠵᠢᠯ ᠤᠨ ᠡᠳ᠋ ᠲᠠᠢ ᠬᠤᠯᠪᠣᠭᠳᠠᠭᠰᠠᠨ ᠡᠷᠡᠬᠦᠯᠵᠢᠯ ᠤᠨ ᠡᠳ᠋ ᠤᠨ ᠳᠡᠯᠭᠡᠭᠦᠷ ᠨᠡᠶᠢᠲᠡ 8 ᠪᠣᠶ᠃ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨᠠᠨ ᠪᠠᠶᠢᠴᠠᠭᠠᠬᠤ ᠲᠣᠪᠴᠢᠶ᠎ᠠ ᠠᠴᠠ ᠵᠢᠭᠠᠪᠤᠷᠢ ᠠᠪᠬᠤ ᠪᠠᠷ ᠳᠠᠮᠵᠢᠨ᠂ ᠬᠤᠲᠠ ᠶᠢᠨ ᠲᠣᠪᠴᠢᠶ᠎ᠠ ᠶᠢᠨ ᠭᠠᠷᠭᠠᠭᠰᠠᠨ ᠡᠮ ᠤᠨ ᠵᠦᠢᠯ ᠤᠨ ᠬᠢᠨᠠᠨ ᠲᠣᠭᠲᠠᠭᠠᠯᠲᠠ ᠶᠢᠨ ᠰᠠᠨᠠᠯ ᠢ ᠦᠨᠳᠦᠰᠦᠯᠡᠨ᠂  ᠪᠠᠶᠢᠴᠠᠭᠠᠨ ᠭᠠᠷᠭᠠᠭᠰᠠᠨ ᠡᠷᠡᠬᠦᠯᠵᠢᠯ ᠤᠨ  ᠡᠷᠡᠬᠦᠯᠵᠢᠯ ᠤᠨ ᠡᠮ  ᠤᠨ ᠪᠦᠳᠦᠬᠡᠭᠳᠡᠬᠦᠨ ᠨᠢ ᠡᠮ ᠤᠨ ᠵᠦᠢᠯ ᠤᠨ ᠬᠠᠮᠢᠶᠠᠷᠤᠯᠲᠠ ᠶᠢᠨ ᠬᠦᠷᠢᠶᠠᠨ ᠳᠤ ᠬᠠᠷᠢᠶᠠᠯᠠᠭᠳᠠᠬᠤ ᠶᠢ ᠲᠣᠭᠲᠠᠭᠠᠵᠤ ᠂ ᠬᠠᠭᠤᠷᠮᠠᠭ ᠡᠮ ᠢᠶᠠᠷ ᠰᠡᠢᠳᠪᠦᠷᠢᠯᠡᠨ ᠬᠦᠢᠴᠡᠳᠬᠡᠪᠡ᠃ ᠢᠳᠡᠭᠡᠨ ᠤ ᠵᠦᠢᠯ ᠡᠮ ᠤᠨ ᠵᠦᠢᠯ ᠪᠣᠯᠤᠨ ᠡᠷᠡᠭᠦᠦ ᠰᠢᠢᠳᠬᠡᠯ ᠢ ᠵᠣᠯᠭᠠᠯᠳᠤᠭᠤᠯᠬᠤ ᠠᠵᠢᠯ ᠤᠨ ᠲᠣᠭᠲᠠᠴᠠ ᠪᠣᠯᠤᠨ ︽ᠵᠠᠰᠠᠭ ᠵᠠᠬᠢᠷᠭᠠᠨ ᠤ ᠬᠡᠷᠡᠭ ᠢ ᠶᠠᠯ᠎ᠠ ᠬᠢᠭᠰᠡᠨ ᠰᠡᠵᠢᠭᠲᠡᠶ ᠬᠡᠷᠡᠭ ᠢ ᠰᠢᠯᠵᠢᠭᠦᠯᠦᠨ ᠬᠦᠷᠭᠡᠬᠦ ᠲᠤᠬᠠᠢ ᠲᠣᠭᠲᠠᠭᠠᠯ︾ ᠶᠣᠰᠣᠭᠠᠷ᠂ ᠲᠣᠪᠴᠢᠶᠠᠨ ᠤ ᠤᠳᠤᠷᠢᠳᠤᠯᠭ᠎ᠠ ᠪᠠᠷ ᠵᠥᠪᠰᠢᠶᠡᠷᠡᠭᠦᠯᠦᠭᠡᠳ᠂ ᠯᠢᠨᠰᠢ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠡᠭᠡᠷ᠎ᠡ ᠳᠤᠷᠠᠳᠤᠭᠰᠠᠨ 8 ᠬᠠᠭᠤᠷᠮᠠᠭ ᠡᠮ ᠪᠣᠷᠣᠯᠠᠭᠤᠯᠤᠭᠰᠠᠨ ᠬᠡᠷᠡᠭ ᠢ ᠬᠠᠤᠯᠢ ᠶᠣᠰᠣᠭᠠᠷ ᠯᠢᠨᠰᠢ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠪᠡ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号