︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠰᠤᠷᠤᠯᠴᠠᠯᠭ᠎ᠠ ᠶᠢᠨ ᠠᠵᠢᠯᠯᠠᠭᠠᠨ ᠦᠷᠨᠢᠬᠦᠯᠪᠡ
ᠨᠡᠶᠢᠲᠡᠯᠡᠭᠰᠡᠨ ᠴᠠᠭ᠄
2019-11-05
        ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠬᠦ ᠶᠢᠨ ᠲᠥᠯᠥᠭᠡ᠂ ᠦᠢᠷ᠎ᠠ ᠳᠤ᠂ ᠪᠠᠨ ᠱᠢ ᠹᠠᠩ ᠪᠠᠶᠢᠷᠢ ᠳᠤ ᠰᠠᠭᠤᠬᠤ ᠳᠦᠷᠢᠮᠲᠦ ᠪᠠᠭ᠎ᠠ ᠰᠤᠷᠭᠠᠭᠤᠯᠢ ᠶᠢᠨ ᠨᠠᠮ ᠤᠨ ᠡᠭᠦᠷ ᠪᠦᠬᠦ ᠪᠠᠭᠰᠢ ᠨᠠᠷ ᠢ ᠵᠣᠬᠢᠶᠠᠨ ᠪᠠᠶᠢᠭᠤᠯᠵᠤ᠂ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠰᠤᠷᠤᠯᠴᠠᠯᠭ᠎ᠠ ᠶᠢᠨ ᠠᠵᠢᠯᠯᠠᠭᠠᠨ ᠦᠷᠨᠢᠬᠦᠯᠪᠡ᠃
        ᠰᠤᠷᠭᠠᠭᠤᠯᠢ ᠶᠢᠨ ᠨᠠᠮ ᠤᠨ ᠡᠭᠦᠷ ᠤᠨ ᠱᠦᠵᠢ ᠪᠦᠬᠦ ᠨᠠᠮ ᠤᠨ ᠭᠡᠰᠢᠭᠦᠳ ᠢ ᠳᠠᠭᠠᠭᠤᠯᠤᠨ ᠶᠡᠷᠦᠩᠬᠡᠶ ᠱᠦᠵᠢ ᠰᠢ ᠶᠢᠨ ᠫᠢᠩ ᠤᠨ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ︾ ᠭᠤᠤᠯ ᠰᠡᠳᠦᠪᠲᠦ ᠬᠥᠮᠦᠵᠢᠯ ᠤᠨ  ᠠᠵᠢᠯᠯᠠᠭᠠᠨ ᠤ ᠴᠢᠬᠤᠯᠠ ᠶᠠᠷᠢᠶ᠎ᠠ ᠶᠢ ᠰᠤᠷᠤᠯᠴᠠᠪᠠ᠃ ᠲᠡᠷᠡ ᠪᠠᠰᠠ ᠰᠤᠷᠤᠯᠴᠠᠬᠤ ᠠᠭᠤᠯᠭ᠎ᠠ ᠶᠢᠨ ᠲᠤᠬᠠᠶ ᠦᠢᠯᠠᠭᠠᠯᠳᠠ ᠪᠠᠨ ᠶᠠᠷᠢᠵᠤ᠂ ︽ᠰᠤᠷᠭᠠᠨ ᠬᠥᠮᠦᠵᠢᠯ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ ᠮᠥᠨ᠂ ᠰᠤᠷᠭᠠᠨ ᠬᠥᠮᠦᠵᠢᠯ ᠢ ᠠᠳᠬᠤᠬᠤ ᠪᠣᠯ ᠳᠠᠷᠤᠶ ᠠᠷᠠᠳ ᠤᠨ ᠰᠡᠳᠬᠢᠯ ᠳᠤ ᠨᠡᠶᠢᠴᠡᠵᠦ ᠪᠠᠶᠢᠭ᠎ᠠ ᠶᠠᠪᠤᠳᠠᠯ ᠮᠦᠨ︔ ᠰᠤᠷᠭᠠᠨ ᠬᠥᠮᠦᠵᠢᠯ ᠪᠣᠯ ᠬᠠᠮᠤᠭ ᠤᠨ ᠶᠡᠭᠡ ᠡᠬᠢ ᠪᠠᠶᠠᠯᠢᠭ ᠮᠥᠨ᠂ ᠰᠤᠷᠭᠠᠨ ᠬᠥᠮᠦᠵᠢᠯ ᠢ ᠠᠳᠬᠤᠬᠤ ᠪᠣᠯ ᠳᠠᠷᠤᠶ ᠬᠥᠭᠵᠢᠯᠲᠡ ᠶᠢ ᠠᠬᠢᠭᠤᠯᠬᠤ ᠶᠠᠪᠤᠳᠠᠯ ᠮᠥᠨ︔ ᠰᠤᠷᠭᠠᠨ ᠬᠥᠮᠦᠵᠢᠯ ᠪᠣᠯ ᠬᠠᠮᠤᠭ ᠤᠨ ᠶᠡᠭᠡ ᠦᠢᠯᠡᠰ ᠮᠥᠨ᠂ ᠰᠤᠷᠭᠠᠨ ᠬᠥᠮᠦᠵᠢᠯ ᠢ ᠠᠳᠬᠤᠬᠤ ᠪᠣᠯ ᠳᠠᠷᠤᠶ ᠠᠯᠤᠰ ᠬᠡᠲᠦ ᠶᠢ ᠪᠣᠳᠣᠯᠬᠢᠯᠠᠬᠤ ᠶᠠᠪᠤᠳᠠᠯ ᠮᠥᠨ  ︾ ᠬᠡᠵᠠᠢ᠃ ᠰᠤᠷᠤᠯᠴᠠᠯᠭ᠎ᠠ ᠪᠠᠷ ᠳᠠᠮᠵᠢᠨ᠂ ᠪᠥᠬᠦ ᠨᠠᠮ ᠤᠨ ᠭᠡᠰᠢᠭᠦᠨ ᠪᠠᠭᠰᠢ ᠨᠠᠷ ︽ᠤᠭ ᠰᠠᠨᠠᠭ᠎ᠠ ᠪᠠᠨ ᠥᠯᠥ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠭᠦᠨ ᠭᠦᠨᠵᠡᠭᠡᠶ ᠠᠭᠤᠯᠤᠭᠳᠠᠬᠤᠨ ᠢ ᠤᠯᠠᠮ ᠨᠢᠭᠡ ᠠᠯᠬᠤᠮ ᠦᠢᠯᠠᠭᠠᠭᠰᠠᠨ ᠪᠥᠭᠡᠳ ᠠᠵᠢᠯ ᠤᠨ ᠳᠤᠮᠳᠠ ᠪᠠᠨ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ ᠪᠠᠷ ᠰᠤᠷᠭᠠᠨ ᠬᠥᠮᠦᠵᠢᠯ ᠵᠢᠭᠠᠨ ᠰᠤᠷᠭᠠᠯᠲᠠ ᠳᠤ ᠣᠷᠣᠯᠴᠠᠵᠤ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠰᠤᠷᠤᠭᠴᠢᠳ ᠲᠤ ᠦᠢᠯᠡᠴᠢᠯᠡᠬᠦ ᠶᠢ ᠤᠯᠠᠮ ᠨᠢᠬᠡ ᠠᠯᠬᠤᠮ ᠲᠠᠨᠢᠭᠰᠠᠨ ᠪᠠᠶᠢᠨ᠎ᠠ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号