ᠰᠤᠷᠤᠭᠴᠢᠳ ᠤᠨ ︽ᠬᠠᠯᠳᠠᠯᠭ᠎ᠠ ᠶᠢ ᠰᠡᠷᠭᠡᠶᠢᠯᠡᠬᠦ︾ ᠠᠮᠤᠷ ᠲᠦᠪᠰᠢᠨ ᠤ ᠤᠬᠠᠮᠰᠠᠷ ᠢ | ᠳᠡᠭᠡᠭᠰᠢᠯᠡᠭᠦᠯᠵᠦ᠂ ᠰᠤᠷᠤᠭᠴᠢᠳ ᠢ ᠵᠥᠪ ᠢᠶᠠᠷ ᠬᠥᠲᠥᠯᠥᠨ ᠵᠢᠯᠣᠭᠤᠳᠴᠤ ᠥᠪᠡᠷ ᠢ ᠪᠠᠨ ᠬᠠᠮᠠᠭᠠᠯᠠᠬᠤ᠂ | ᠢᠯᠠᠩᠭᠤᠶ᠎ᠠ ᠭᠡᠷ ᠢᠶᠠᠨ ᠰᠠᠬᠢᠵᠤ ᠬᠤᠴᠣᠷᠤᠭᠰᠠᠨ ᠵᠢᠭᠠᠯ ᠥᠬᠢᠨ ᠤ ᠪᠡᠯᠭᠡ ᠶᠢᠨ ᠬᠠᠯᠳᠠᠯ ᠢ ᠰᠡᠷᠭᠡᠶᠢᠯᠡᠬᠦ ᠰᠤᠷᠭᠠᠨ | ᠬᠥᠮᠦᠵᠢᠯ ᠢ ᠵᠥᠪ ᠢᠶᠠᠷ ᠬᠥᠲᠥᠯᠥᠨ ᠵᠢᠯᠣᠭᠤᠳᠬᠤ ᠶᠢᠨ ᠲᠥᠯᠥᠭᠡ᠂ ᠦᠢᠷ᠎ᠠ ᠳᠤ᠂ ᠳ᠋ᠠ ᠴᠤᠸᠠᠨ ᠪᠠᠶᠢᠷᠢ ᠳᠤ | ᠰᠠᠭᠤᠬᠤ ᠳᠦᠷᠢᠮᠲᠦ ᠪᠠᠭ᠎ᠠ ᠰᠤᠷᠭᠠᠭᠤᠯᠢ ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠠᠯᠳᠠᠯᠭ᠎ᠠ ᠶᠢ | ᠰᠡᠷᠭᠡᠶᠢᠯᠡᠬᠦ ᠰᠠᠬᠢᠯᠭ᠎ᠠ ᠲᠦᠷᠢᠮ︾ ᠤᠨ ᠰᠢᠷᠢᠰ ᠠᠵᠢᠯᠯᠠᠭ᠎ᠠ ᠶᠢ ᠦᠷᠨᠢᠬᠦᠯᠪᠡ᠃ | | | | | | | | | | | | | ᠠᠵᠢᠯᠯᠠᠭᠠᠨ ᠤ ᠬᠤᠷᠠᠯ ᠳᠤ᠂ ᠠᠮᠤᠷ ᠲᠦᠪᠰᠢᠨ ᠤ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ | ᠰᠤᠷᠭᠠᠭᠤᠯᠢ ᠶᠢᠨ ᠲᠡᠳ᠋ ᠵᠠᠬᠢᠷᠤᠯ ᠠᠴᠠ ᠤᠯᠠᠨ ᠢ ᠳᠠᠭᠠᠭᠤᠯᠤᠨ ᠲᠡᠭᠡᠳᠦ ᠱᠠᠲᠤᠨ ᠤ ᠪᠢᠴᠢᠭ ᠮᠠᠲ᠋ᠧᠷᠢᠶᠠᠯ ᠢ | ᠰᠤᠷᠤᠯᠴᠠᠬᠤ ᠶᠢᠨ ᠬᠠᠮᠲᠤ᠂ ᠤᠯᠠᠭᠠᠨᠬᠠᠳᠠ ᠬᠤᠲᠠ ᠶᠢᠨ ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ | ᠬᠠᠯᠳᠠᠯᠭ᠎ᠠ ᠶᠢ ᠰᠡᠷᠬᠡᠶᠢᠯᠡᠬᠦ ᠰᠠᠬᠢᠯᠭ᠎ᠠ ᠲᠦᠷᠢᠮ︾ ᠢ ᠰᠤᠷᠤᠯᠴᠠᠨ ᠤᠬᠠᠭᠤᠯᠵᠤ ᠨᠠᠶᠢᠳᠠᠪᠤᠷᠢᠵᠢᠭᠤᠯᠬᠤ ᠳᠤ ᠪᠣᠳᠠᠲᠠᠶ | ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠬᠢᠵᠦ᠂ ᠠᠵᠢᠯ ᠤᠨ ᠬᠡᠷᠡᠭᠵᠢᠭᠦᠯᠬᠦ ᠲᠥᠰᠦᠯ ᠢ ᠲᠣᠭᠲᠠᠭᠠᠭᠰᠠᠨ ᠪᠥᠭᠡᠳ | ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠠᠯᠳᠠᠯᠭ᠎ᠠ ᠶᠢ ᠰᠡᠷᠭᠡᠶᠢᠯᠡᠬᠦ ᠰᠠᠬᠢᠯᠭ᠎ᠠ ᠲᠦᠷᠢᠮ︾ ᠤᠨ | ᠲᠤᠬᠠᠶ ᠨᠠᠷᠢᠨ ᠲᠠᠶᠢᠯᠤᠮᠵᠢ ᠬᠢᠵᠡᠶ᠃ | ᠰᠤᠷᠭᠠᠭᠤᠯᠢ ᠶᠢᠨ ᠵᠠᠬᠢᠷᠤᠯ ᠬᠤᠷᠠᠯ ᠤᠨ ᠳ᠋ᠦᠩᠨᠡᠯᠲᠡ ᠬᠢᠵᠦ᠂ ᠨᠠᠰᠤᠨ ᠳᠤ ᠥᠯᠥ ᠬᠦᠷᠦᠭᠰᠡᠳ ᠢ | ᠬᠠᠮᠠᠭᠠᠯᠠᠬᠤ ᠵᠢᠴᠢ ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠠᠯᠳᠠᠯᠭ᠎ᠠ ᠶᠢ ᠰᠡᠷᠭᠡᠶᠢᠯᠡᠬᠦ ᠰᠠᠬᠢᠯᠭ᠎ᠠ | ᠲᠦᠷᠢᠮ︾ ᠢ ᠰᠤᠷᠤᠯᠴᠠᠨ ᠤᠬᠠᠭᠤᠯᠬᠤ ᠶᠢᠨ ᠴᠢᠬᠤᠯᠠ ᠠᠴᠢ ᠬᠤᠯᠪᠣᠭᠳᠠᠯ ᠢ ᠤᠯᠠᠮ ᠨᠢᠭᠡ ᠠᠯᠬᠤᠮ | ᠲᠣᠳᠣᠷᠬᠠᠶᠢᠯᠠᠨ ᠥᠭᠦᠯᠡᠵᠦ᠂ ᠪᠦᠬᠦ ᠪᠠᠭᠰᠢ ᠨᠠᠷ ᠢ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠤᠯᠤᠰ | ᠲᠥᠷᠥ ᠶᠢ ᠡᠷᠬᠢᠮᠯᠡᠬᠦ ᠲᠡᠭᠡᠳᠦ ᠬᠡᠮᠵᠢᠶᠡᠨ ᠠᠴᠠ ᠡᠨᠡᠬᠦ ᠠᠵᠢᠯ ᠳᠤ ᠬᠠᠨᠳᠤᠨ᠂ ᠲᠣᠬᠢᠷᠠᠭᠤᠯᠤᠯᠲᠠ | ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠵᠤ᠂ ᠡᠯ᠎ᠡ ᠵᠦᠢᠯ ᠤᠨ ᠠᠵᠢᠯ ᠢᠶᠠᠨ ᠬᠢᠨᠠᠮᠠᠭᠠᠶ ᠰᠠᠶᠢᠲᠤᠷ | ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠃ | ᠬᠤᠷᠠᠯ ᠠᠴᠠ ᠲᠠᠷᠠᠭ᠎ᠠ ᠡᠯ᠎ᠡ ᠠᠩᠭᠢ ᠵᠠᠯᠭᠠᠭ᠎ᠠ ᠪᠠᠷ ︽ᠳᠤᠮᠳᠠᠳᠤ ᠪᠠᠭ᠎ᠠ ᠰᠤᠷᠭᠠᠭᠤᠯᠢ ᠶᠢᠨ | ᠰᠤᠷᠤᠭᠴᠢᠳ ᠤᠨ ᠬᠠᠯᠳᠠᠯᠭ᠎ᠠ ᠶᠢ ᠰᠡᠷᠬᠡᠶᠢᠯᠡᠬᠦ ᠰᠠᠬᠢᠯᠭ᠎ᠠ ᠲᠦᠷᠢᠮ︾ ᠤᠨ ᠭᠤᠤᠯ ᠰᠡᠳᠦᠪᠲᠦ ᠠᠩᠭᠢ ᠶᠢᠨ | ᠬᠤᠷᠠᠯ ᠤᠨ ᠠᠵᠢᠯᠯᠠᠭ᠎ᠠ ᠥᠷᠨᠢᠭᠦᠯᠵᠡᠶ᠃ ᠠᠵᠢᠯᠯᠠᠭ᠎ᠠ ᠶᠢᠨ ᠳᠤᠮᠳᠠ ᠤᠷᠠᠨ ᠤᠩᠰᠢᠯᠭ᠎ᠠ᠂ ᠠᠰᠠᠭᠤᠯᠲᠠ | ᠬᠠᠷᠢᠭᠤᠯᠲᠠ᠂ ᠳᠠᠭᠤᠷᠢᠶᠠᠮᠠᠯ ᠦᠵᠡᠭᠳᠡᠯ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ︽ᠰᠠᠬᠢᠯᠭ᠎ᠠ ᠲᠦᠷᠢᠮ︾ ᠤᠨ | ᠠᠭᠤᠯᠭ᠎ᠠ ᠶᠢ ᠨᠠᠩ ᠰᠠᠶᠢᠨ ᠦᠢᠯᠠᠭᠠᠭᠤᠯᠤᠨ ᠲᠠᠶᠢᠯᠪᠤᠷᠢᠯᠠᠭᠰᠠᠨ ᠪᠠᠢᠨ᠎ᠠ᠃ ᠡᠯ᠎ᠡ ᠠᠩᠭᠢ ᠶᠢᠨ ᠬᠢᠨ ᠪᠠᠰᠠ ︽ | ᠰᠠᠬᠢᠯᠭ᠎ᠠ ᠲᠦᠷᠢᠮ︾ ᠤᠨ ᠠᠭᠤᠯᠭ᠎ᠠ ᠶᠢ ᠰᠠᠮᠪᠠᠷ᠎ᠠ ᠶᠢᠨ ᠰᠣᠨᠢᠨ ᠳᠤ ᠠᠭᠤᠰᠬᠠᠨ ᠣᠷᠣᠭᠤᠯᠵᠤ᠂ ᠬᠡᠤᠬᠡᠳ ᠤᠳ ᠢ | ᠴᠠᠭ ᠢᠮᠠᠭᠲᠠ ᠰᠠᠶᠢᠨ ᠴᠡᠭᠡᠵᠢᠯᠡᠭᠦᠯᠵᠦ᠂ ᠥᠪᠡᠷ ᠢ ᠪᠠᠨ ᠰᠠᠶᠢᠲᠤᠷ ᠬᠠᠮᠠᠭᠠᠯᠠᠭᠤᠯᠬᠤ ᠶᠢ ᠵᠤᠷᠢᠵᠠᠢ ᠃ | ︽ᠬᠠᠯᠳᠠᠯᠭ᠎ᠠ ᠶᠢ ᠰᠡᠷᠭᠡᠶᠢᠯᠡᠬᠦ ᠰᠠᠬᠢᠯᠭ᠎ᠠ ᠲᠦᠷᠢᠮ︾ ᠤᠨ ᠰᠤᠷᠤᠯᠴᠠᠯᠭ᠎ᠠ ᠤᠬᠠᠭᠤᠯᠭ᠎ᠠ ᠶᠢᠨ ᠰᠢᠷᠢᠰ | ᠠᠵᠢᠯᠯᠠᠭ᠎ᠠ ᠶᠢ ᠥᠷᠨᠢᠭᠦᠯᠦᠭᠰᠡᠨ ᠠᠴᠠ᠂ ᠰᠤᠷᠤᠭᠴᠢᠳ ᠬᠠᠯᠳᠠᠯᠭ᠎ᠠ ᠶᠢ ᠰᠡᠷᠭᠡᠶᠢᠯᠡᠬᠦ ᠮᠡᠳᠡᠯᠭᠡ ᠶᠢ ᠰᠤᠷᠤᠯᠴᠠᠵᠤ᠂ | ᠠᠮᠤᠷ ᠲᠦᠪᠰᠢᠨ ᠤ ᠤᠬᠠᠮᠰᠠᠷ ᠪᠠ ᠥᠪᠡᠷ ᠢ ᠪᠠᠨ ᠬᠠᠮᠠᠭᠠᠯᠠᠨ ᠰᠡᠷᠬᠡᠶᠢᠯᠡᠬᠦ ᠤᠬᠠᠮᠰᠠᠷ ᠢᠶᠠᠨ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠬᠠᠯᠳᠠᠯᠭ᠎ᠠ ᠶᠢ ᠰᠡᠷᠭᠡᠶᠢᠯᠡᠬᠦ ᠴᠢᠳᠠᠪᠤᠷᠢ ᠪᠠᠨ ᠳᠡᠭᠡᠭᠰᠢᠯᠡᠭᠦᠯᠪᠡ᠃ |