ᠭᠤᠸᠠᠨᠳᠢ ᠪᠠᠯᠭᠠᠰᠤᠨ ᠤ ᠨᠠᠮ ᠤᠨ ᠬᠤᠷᠢᠶ᠎ᠠ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠲᠠᠢ ᠨᠢᠭᠲᠠ ᠤᠶᠠᠯᠳᠤᠭᠤᠯᠵᠤ᠂ | ᠶᠠᠳᠠᠭᠤ ᠠᠴᠠ ᠠᠩᠭᠢᠵᠢᠷᠠᠭᠤᠯᠤᠨ ᠣᠷᠣᠯᠭ᠎ᠠ ᠪᠠᠨ ᠨᠡᠮᠡᠭᠳᠡᠭᠦᠯᠬᠦ ᠳᠤ ᠬᠦᠴᠦ ᠨᠡᠮᠡᠷᠢᠯᠡᠵᠦ᠂ ᠡᠮᠡᠭᠳᠠᠶᠢᠴᠤᠳ ᠤᠨ | ᠬᠥᠳᠡᠯᠮᠦᠷᠢ ᠶᠢᠨ ᠤᠷ᠎ᠠ ᠴᠢᠳᠠᠪᠤᠷᠢ ᠶᠢ ᠲᠡᠬᠡᠭᠰᠢᠯᠡᠬᠦᠯᠬᠦ ᠪᠠᠷ᠂ 10 ᠰᠠᠷ᠎ᠠ ᠶᠢᠨ 30 ᠤ ᠡᠳᠦᠷ ᠤᠨ ᠦᠳᠡ ᠶᠢᠨ | ᠡᠮᠦᠨ᠎ᠡ᠂ ᠪᠠᠯᠭᠠᠰᠤᠨ ᠤ ᠨᠠᠮ ᠤᠨ ᠬᠤᠷᠢᠶᠠᠨ ᠤ ᠲᠣᠬᠢᠷᠠᠭᠤᠯᠤᠯᠲᠠ ᠪᠠᠷ ᠪᠠᠯᠭᠠᠰᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠪᠦᠯᠬᠦᠮ ᠳᠠᠭᠠᠭᠤᠯᠤᠨ᠂ ᠪᠠᠯᠭᠠᠰᠤᠨ ᠤ ᠡᠮᠡᠭᠲᠡᠶᠢᠴᠦᠳ ᠤᠨ | ᠬᠤᠯᠪᠣᠭᠠᠲᠤ ᠬᠤᠷᠠᠯ ᠤᠨ ᠲᠡᠷᠢᠭᠦᠯᠡᠭᠴᠢ ᠡᠯ᠎ᠡ ᠭᠠᠴᠠᠭᠠᠨ ᠤ ᠡᠮᠡᠭᠲᠡᠶ ᠺᠠᠳ᠋ᠷ ᠢ ᠵᠣᠬᠢᠶᠠᠨ ᠪᠠᠶᠢᠭᠤᠯᠵᠤ ᠪᠠᠭᠠᠷᠢᠨ | ᠵᠡᠭᠦᠨ ᠬᠤᠰᠢᠭᠤᠨ ᠤ ᠶᠣᠣ ᠵᠥᠩ ᠱᠦᠬᠦᠷ ᠪᠣᠯᠪᠠᠰᠤᠷᠠᠭᠤᠯᠬᠤ ᠲᠤᠰᠬᠠᠶ ᠬᠤᠷᠰᠢᠶᠠᠵᠢᠯ ᠤᠨ ᠭᠤᠸᠠᠨᠳᠢ ᠳᠠᠬᠢ | ᠬᠤᠪᠢᠶᠠᠷᠢ ᠬᠤᠷᠰᠢᠶ᠎ᠠ ᠳᠤ ᠬᠦᠷᠴᠦ ᠲᠣᠭᠤᠷᠢᠨ ᠦᠵᠡᠵᠦ ᠰᠤᠷᠤᠯᠴᠠᠪᠠ᠃ | ᠭᠤᠸᠠᠨᠳᠢ ᠪᠠᠯᠭᠠᠰᠤ ᠶᠢᠨ ᠬᠤᠪᠢᠶᠠᠷᠢ ᠬᠤᠷᠰᠢᠶ᠎ᠠ ᠪᠣᠯ ᠯᠢᠨᠰᠢ ᠰᠢᠶᠠᠨ ᠤ ᠤᠳᠤᠬᠠᠨ ᠳᠤ ᠪᠠᠶᠢᠭᠤᠯᠤᠭᠰᠠᠨ | ᠠᠩᠬᠠᠳᠠᠭᠴᠢ ᠲᠠᠷᠢᠵᠤ᠂ ᠦᠢᠯᠡᠳᠪᠦᠷᠢᠯᠡᠬᠦ᠂ ᠬᠠᠩᠭᠠᠬᠤ᠂ ᠪᠣᠷᠣᠯᠠᠭᠤᠯᠬᠤ᠂ ᠮᠡᠷᠭᠡᠵᠢᠯ ᠴᠢᠳᠠᠪᠤᠷᠢ ᠶᠢᠨ | ᠪᠣᠯᠪᠠᠰᠤᠷᠠᠭᠤᠯᠤᠯ ᠢ ᠨᠢᠭᠡ ᠴᠣᠭᠴᠠᠵᠢᠭᠤᠯᠤᠭᠰᠠᠨ ᠱᠦᠭᠦᠷ ᠤᠨ ᠲᠤᠰᠬᠠᠶ ᠪᠣᠯᠪᠠᠰᠤᠷᠠᠭᠤᠯᠬᠤ ᠪᠣᠯᠪᠠᠰᠤᠷᠠᠭᠤᠯᠤᠯ ᠤᠨ | ᠰᠠᠭᠤᠷᠢᠨ ᠭᠠᠵᠠᠷ ᠪᠠᠶᠢᠵᠤ᠂ ᠯᠢᠨᠰᠢ ᠰᠢᠶᠠᠨ ᠤ ᠭᠤᠸᠠᠨᠳᠢ ᠪᠠᠯᠭᠠᠰᠤ ᠶᠢᠨ ᠶᠠᠩ ᠵᠢᠶᠠ ᠶᠢᠩᠽᠢ ᠲᠣᠰᠬᠤᠨ ᠳᠤ ᠪᠣᠶ᠃ | ᠭᠤᠸᠠᠨᠳᠢ ᠪᠠᠯᠭᠠᠰᠤᠨ ᠤ ᠱᠦᠭᠦᠷ ᠪᠣᠯᠪᠠᠰᠤᠷᠠᠭᠤᠯᠬᠤ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠨᠢ ᠬᠥᠳᠡᠭᠡ | ᠲᠣᠰᠬᠤᠨ ᠤ ᠬᠥᠳᠡᠯᠮᠦᠷᠢ ᠦᠢᠯᠡᠳᠪᠦᠷᠢᠯᠡᠯ ᠠᠮᠢᠳᠤᠷᠠᠯ ᠤᠨ ᠠᠵᠢᠯᠯᠠᠵᠤ ᠠᠮᠠᠷᠠᠬᠤ ᠴᠠᠭ ᠤᠨ ᠵᠢᠮ᠎ᠡ ᠶᠣᠰᠣ ᠲᠠᠢ | ᠨᠡᠶᠢᠴᠡᠵᠦ᠂ ᠲᠠᠷᠢᠶᠠᠯᠠᠩ ᠤᠨ ᠰᠡᠯᠡᠭᠦᠤ ᠴᠠᠭ ᠢ ᠠᠰᠢᠭᠯᠠ᠂ ︽ᠭᠠᠳᠠᠭᠰᠢ ᠭᠠᠷᠬᠤ ᠦᠭᠡᠢ ᠪᠠᠷ ᠠᠵᠢᠯ ᠣᠯᠵᠤ᠂ | ᠠᠵᠢᠯ ᠰᠠᠭᠠᠲᠠᠬᠤ ᠦᠭᠡᠢ ᠪᠠᠷ ᠵᠣᠭᠤᠰ ᠤᠯᠬᠤ︾ ᠶᠠᠳᠠᠭᠤ ᠠᠴᠠ ᠠᠩᠬᠢᠵᠢᠷᠠᠨ ᠪᠠᠶᠠᠵᠢᠬᠤ ᠰᠢᠨ᠎ᠡ ᠵᠠᠭᠪᠤᠷ ᠢ | ᠪᠡᠶᠡᠯᠡᠬᠦᠯᠵᠠᠢ᠃ | ᠬᠤᠷᠰᠢᠶᠠᠵᠢᠯ ᠳᠤ ᠣᠷᠣᠪᠠᠯ᠂ ᠦᠵᠡᠮᠦᠷᠢ ᠶᠢᠨ ᠲᠢᠩᠬᠢᠮ ᠳᠤ ᠡᠯᠳᠡᠪ ᠵᠦᠢᠯ ᠤᠨ ᠱᠦᠭᠦᠷ ᠤᠨ ᠭᠠᠷ | ᠤᠷᠠᠯᠠᠯ ᠤᠨ ᠪᠦᠳᠦᠬᠡᠭᠳᠡᠬᠦᠨ ᠪᠠᠶᠢᠵᠤ᠂ ᠭᠤᠶᠤ ᠰᠠᠶᠢᠬᠠᠨ ᠪᠥᠭᠡᠳ ᠠᠷᠠᠳ ᠢᠷᠭᠡᠳ ᠤᠨ ᠰᠣᠶᠣᠯ ᠢ ᠠᠭᠤᠯᠠᠵᠤ | ᠪᠠᠶᠢᠳᠠᠭ᠃ ᠮᠡᠷᠬᠡᠵᠢᠯ ᠤᠨ ᠠᠵᠢᠯᠳᠠᠨ ᠠᠴᠠ ᠵᠢᠵᠢᠭ ᠱᠦᠭᠦᠷ ᠤᠨ ᠴᠢᠬᠢ ᠥᠷᠭᠡᠨ ᠬᠡᠷᠡᠭᠴᠡᠭᠡ ᠲᠠᠢ᠂ | ᠠᠮᠢᠳᠤᠷᠠᠯ ᠳᠤ ᠦᠢᠯᠡᠴᠢᠯᠡᠵᠦ ᠪᠣᠯᠬᠤ ᠮᠥᠷᠲᠡᠭᠡᠨ ᠭᠠᠷ ᠤᠷᠠᠯᠠᠯ ᠤᠨ ᠪᠦᠳᠦᠬᠡᠭᠳᠡᠬᠦᠨ ᠴᠤ ᠪᠣᠯᠵᠤ ᠪᠣᠯᠤᠨ᠎ᠠ | ᠭᠡᠳᠡᠭ ᠢ ᠣᠯᠠᠨ ᠳᠤ ᠶᠠᠷᠢᠵᠤ ᠲᠠᠶᠢᠯᠪᠤᠷᠢᠯᠠᠵᠠᠢ᠃ ᠣᠯᠠᠨ ᠢᠶᠠᠷ ᠢᠶᠠᠨ ᠲᠣᠭᠤᠷᠢᠨ ᠦᠵᠡᠵᠦ ᠪᠠᠷᠠᠭᠰᠠᠨ ᠤ ᠲᠠᠷᠠᠭ᠎ᠠ᠂ | ᠮᠡᠷᠭᠡᠵᠢᠯ ᠤᠨ ᠠᠵᠢᠯᠲᠠᠨ ᠠᠴᠠ ᠪᠦᠲᠦᠭᠡᠭᠳᠡᠬᠦᠨ ᠤ ᠠᠰᠢᠭ ᠬᠤᠨᠵᠢᠪᠣᠷᠢ ᠪᠣᠯᠤᠨ ᠱᠦᠭᠦᠷ ᠤᠨ ᠴᠢᠬᠢ ᠲᠠᠷᠢᠬᠤ | ᠠᠰᠢᠭ ᠬᠤᠨᠵᠢᠪᠣᠷᠢ᠂ ᠭᠠᠷ ᠤᠷᠠᠯᠠᠯ ᠤᠨ ᠪᠦᠳᠦᠬᠡᠭᠳᠡᠬᠦᠨ ᠤ ᠪᠤᠷᠤᠯᠠᠭᠤᠯᠭ᠎ᠠ᠂ ᠬᠦᠷᠦᠵᠤ ᠨᠡᠬᠡᠬᠡᠬᠦ ᠮᠡᠷᠭᠡᠵᠢᠯ ᠤᠨ | ᠰᠤᠷᠤᠯᠴᠠᠯᠭ᠎ᠠ ᠶᠢᠨ ᠬᠤᠭᠤᠴᠠᠭ᠎ᠠ ᠂ ᠪᠤᠯᠪᠠᠰᠤᠷᠠᠭᠤᠯᠤᠯ ᠤᠨ ᠠᠷᠭ᠎ᠠ ᠮᠠᠶ᠋ᠢᠭ ᠵᠡᠷᠭᠡ ᠶᠢ ᠨᠠᠷᠢᠯᠢᠭ ᠠᠰᠠᠭᠤᠨ | ᠦᠢᠯᠠᠭᠠᠵᠠᠢ᠃ | ᠡᠮᠡᠭᠲᠡᠶ ᠺᠠᠳ᠋ᠷᠴᠤᠳ ᠲᠤᠰ ᠤᠳᠠᠭᠠᠨ ᠤ ᠲᠣᠭᠤᠷᠢᠨ ᠦᠵᠡᠬᠦ ᠠᠵᠢᠯᠯᠠᠭ᠎ᠠ ᠶᠢᠨ ᠣᠯᠤᠯᠲᠠ | ᠲᠥᠷᠥᠭᠳᠡᠯ ᠢᠶᠠᠨ ᠣᠯᠠᠨ ᠲᠠᠢ ᠰᠣᠯᠢᠯᠴᠠᠬᠤ ᠶᠢᠨ ᠬᠠᠮᠲᠤ ᠬᠥᠳᠡᠭᠡ ᠲᠣᠰᠬᠤᠨ ᠤ ᠥᠷᠭᠡᠨ ᠣᠯᠠᠨ | ᠡᠮᠡᠭᠲᠡᠶᠢᠴᠦᠳ ᠤᠨ ᠳᠤᠮᠳᠠ ᠤᠬᠠᠭᠤᠯᠬᠤ ᠪᠠ ᠳᠠᠶᠢᠴᠢᠯᠠᠯᠲᠠ ᠬᠢᠵᠦ᠂ ᠱᠦᠭᠦᠷ ᠮᠣᠳᠣᠨ ᠤ ᠬᠤᠷᠰᠢᠶᠠᠵᠢᠯ ᠳᠤ | ᠤᠷᠤᠯᠴᠠᠭᠤᠯᠤᠨ᠂ ᠲᠡᠳᠡᠨ ᠤ ᠲᠠᠷᠢᠶᠠᠯᠠᠩ ᠤᠨ ᠰᠡᠯᠡᠭᠦᠤ ᠴᠠᠭ ᠲᠤ ᠭᠡᠷ ᠲᠡᠭᠡᠨ ᠵᠣᠭᠤᠰ ᠣᠯᠵᠤ᠂ ᠭᠡᠷ ᠪᠦᠯᠢ ᠶᠢᠨ | ᠣᠷᠣᠯᠭ᠎ᠠ ᠪᠠᠨ ᠨᠡᠮᠡᠭᠳᠡᠭᠦᠯᠦᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ | ᠨᠡᠮᠡᠷᠢᠯᠡᠨ᠎ᠡ ᠬᠡᠵᠡᠬᠡᠵᠠᠢ᠃ | |