ᠪᠦᠬᠦ ᠪᠠᠯᠭᠠᠰᠤᠨ ᠤ ᠦᠵᠡᠯ ᠤᠬᠠᠮᠰᠠᠷ ᠤᠨ ᠬᠡᠯᠪᠡᠷᠢ ᠶᠢᠨ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠪᠠᠯᠭᠠᠰᠤᠨ ᠤ ᠲᠣᠰᠬᠤᠨ ᠤ ᠺᠠᠳ᠋ᠷ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ | ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠯᠢᠨᠰᠢ ᠪᠠᠯᠭᠠᠰᠤ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠶ᠎ᠡ︾ ᠭᠡᠬᠦ ᠭᠤᠤᠯ ᠰᠡᠳᠦᠪᠲᠦ ᠬᠥᠮᠦᠵᠢᠯ ᠤᠨ ᠪᠣᠯᠪᠠᠰᠤᠷᠠᠯ ᠰᠤᠷᠤᠯᠴᠠᠯᠭ᠎ᠠ | ᠶᠢᠨ ᠠᠩᠭᠢ ᠡᠷᠬᠢᠯᠡᠨ᠂ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠶᠢᠦ ᠰᠢᠨ ᠷᠠᠨ ᠪᠠᠭᠰᠢ ᠶᠢ | ᠤᠷᠢᠵᠤ ︽ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠤᠬᠠᠮᠰᠠᠷ ᠤᠨ ᠬᠡᠯᠪᠡᠷᠢ︾ ᠭᠡᠬᠦ | ᠰᠡᠳᠦᠪ ᠢᠶᠠᠷ ᠬᠢᠴᠢᠶᠡᠯ ᠲᠠᠶᠢᠯᠤᠮᠵᠢ ᠬᠢᠯᠬᠡᠵᠤ᠂ ᠪᠦᠬᠦ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ | ᠪᠦᠷᠢᠯᠳᠦᠬᠦᠨ᠂ ᠡᠯ᠎ᠡ ᠲᠣᠰᠬᠤᠨ ᠤ ᠱᠦᠵᠢ᠂ ᠡᠷᠬᠢᠯᠡᠭᠴᠢ᠂ ᠪᠦᠬᠦ ᠪᠠᠶᠢᠭᠤᠯᠤᠯᠭ᠎ᠠ ᠶᠢᠨ ᠨᠠᠮ ᠤᠨ ᠡᠭᠦᠷ ᠤᠨ | ᠨᠠᠮ ᠤᠨ ᠭᠡᠰᠢᠭᠦᠨ ᠢ ᠰᠤᠷᠤᠯᠴᠠᠭᠤᠯᠪᠠ᠃ | | | | | | | | | | | | | | | | | | | | ᠶᠢᠦ ᠰᠢᠨ ᠷᠠᠨ ᠪᠠᠭᠰᠢ ᠶᠢᠨ ᠬᠢᠴᠢᠶᠡᠯ ᠤᠨ ᠠᠭᠤᠯᠭ᠎ᠠ ᠡᠯᠪᠡᠭ ᠪᠠᠶᠠᠯᠢᠭ ᠪᠠᠶᠢᠵᠤ᠂ ᠶᠡᠭᠡ ᠬᠡᠮᠵᠢᠶᠡᠨ ᠤ | ᠨᠡᠶᠢᠲᠡᠯᠢᠭ ᠵᠢᠱᠢᠶ᠎ᠡ ᠶᠢ ᠡᠰᠢᠯᠡᠨ ᠬᠡᠷᠡᠭᠯᠡᠵᠦ᠂ ᠭᠦᠨᠵᠡᠭᠡᠶ ᠪᠥᠭᠡᠳ ᠣᠶᠢᠯᠠᠭᠠᠮᠵᠢᠲᠠᠶ ᠪᠠᠷ ᠲᠠᠶᠢᠯᠤᠮᠵᠢ ᠬᠢᠭᠰᠡᠨ | ᠪᠠᠶᠢᠨ᠎ᠠ᠂ ᠬᠢᠴᠢᠶᠡᠯ ᠨᠢ ᠠᠵᠢᠯ ᠤᠨ ᠪᠣᠳᠠᠲᠤ ᠪᠠᠶᠢᠳᠠᠯ ᠲᠠᠢ ᠣᠶᠠᠯᠳᠤᠵᠤ᠂ ᠮᠠᠰᠢ ᠴᠢᠩᠭ᠎ᠠ ᠤᠨᠤᠯ ᠤᠨ | ᠵᠢᠯᠣᠭᠤᠳᠬᠤ ᠴᠢᠨᠠᠷᠲᠠᠶ ᠪᠠᠶᠢᠵᠤ᠂ ᠦᠨᠳᠦᠰᠦᠨ ᠱᠠᠲᠤᠨ ᠤ ᠨᠠᠮ ᠤᠨ ᠭᠡᠰᠢᠭᠦᠨ ᠳᠤ ᠬᠡᠷᠬᠢᠨ ᠦᠵᠡᠯ ᠤᠬᠠᠮᠰᠠᠷ ᠤᠨ | ᠬᠡᠯᠪᠡᠷᠢ ᠶᠢᠨ ᠴᠢᠳᠠᠪᠤᠷᠢ ᠶᠢ ᠨᠡᠮᠡᠭᠳᠡᠭᠦᠯᠬᠦ᠂ ᠦᠵᠡᠯ ᠤᠬᠠᠮᠰᠠᠷ ᠤᠨ ᠬᠡᠯᠪᠡᠷᠢ ᠶᠢᠨ ᠴᠢᠳᠠᠪᠤᠷᠢ ᠶᠢ ᠬᠡᠷᠬᠢᠨ | ᠴᠢᠩᠭᠠᠳᠬᠠᠬᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠠᠰᠠᠭᠤᠳᠠᠯ ᠢ ᠪᠠᠲᠤ ᠡᠵᠡᠮᠰᠢᠬᠦ ᠵᠡᠷᠭᠡ ᠲᠠᠯ᠎ᠠ ᠪᠠᠷ | ᠪᠦᠬᠦ ᠲᠠᠯ᠎ᠠ ᠶᠢᠨ ᠲᠠᠶᠢᠯᠤᠮᠵᠢ ᠬᠢᠬᠦ ᠪᠠ ᠬᠠᠪᠰᠤᠷᠤᠨ ᠵᠢᠯᠣᠭᠤᠳᠴᠤ᠂ ᠨᠠᠮ ᠤᠨ ᠭᠡᠰᠢᠭᠦᠳ ᠤᠨ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠤᠨ ᠴᠢᠬᠤᠯᠠ ᠴᠢᠨᠠᠷ ᠤᠨ ᠲᠤᠬᠠᠶ ᠣᠶᠢᠯᠠᠭᠠᠯᠲᠠ ᠪᠠ ᠢᠨᠲ᠋ᠧᠷ ᠰᠦᠯᠵᠢᠶ᠎ᠡ᠂ | ᠬᠤᠪᠢ ᠶᠢᠨ ᠵᠠᠭᠤᠴᠢᠯᠠᠭᠤᠷ ᠤᠨ ᠴᠠᠭ ᠦᠶ᠎ᠡ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠲᠤᠬᠠᠶ ᠲᠠᠨᠢᠯᠲᠠ ᠶᠢ | ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠤᠨ ᠦᠵᠡᠯ ᠤᠬᠠᠮᠰᠠᠷ ᠤᠨ ᠬᠡᠯᠪᠡᠷᠢ ᠶᠢᠨ | ᠠᠵᠢᠯ ᠤᠨ ᠴᠢᠳᠠᠪᠤᠷᠢ ᠶᠢ ᠦᠨᠡᠩᠬᠦ ᠳᠡᠭᠡᠭᠰᠢᠯᠡᠭᠦᠯᠪᠡ᠃ | |