ᠯᠢᠨᠰᠢ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠰᠢᠶᠠᠨ ᠤ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠬᠠᠷᠢᠶᠠᠲᠤ ᠣᠷᠣᠨ ᠤ ᠲᠡᠷᠭᠡᠨ ᠥᠷᠲᠡᠭᠡᠨ ᠳᠤ ᠭᠦᠨᠵᠡᠭᠡᠶᠢᠷᠡᠨ ᠰᠦᠷᠳᠡᠭᠦᠯᠦᠯ ᠢ ᠡᠰᠡᠷᠭᠦᠴᠡᠬᠦ ᠰᠡᠷᠭᠡᠶᠢᠯᠡᠯᠲᠡ ᠶᠢᠨ ᠬᠢᠨᠠᠨ ᠵᠢᠯᠣᠭᠤᠳᠣᠯᠭ᠎ᠠ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2019-11-07
          ᠦᠢᠷ᠎ᠠ ᠳᠤ᠂ ᠯᠢᠨᠰᠢ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠰᠢᠶᠠᠨ ᠤ ᠵᠠᠮ ᠬᠠᠷᠢᠯᠴᠠᠭᠠᠨ ᠤ ᠲᠣᠪᠴᠢᠶ᠎ᠠ ᠲᠠᠢ ᠬᠤᠯᠪᠣᠭᠠᠯᠠᠨ ᠰᠦᠷᠳᠡᠭᠦᠯᠦᠯ ᠢ ᠡᠰᠡᠷᠭᠦᠴᠡᠬᠦ ᠭᠤᠤᠯᠳᠠᠯᠭ᠎ᠠ ᠲᠠᠢ ᠨᠢᠭᠡᠴᠡ ᠯᠢᠨᠰᠢ ᠰᠢᠶᠠᠨ ᠤ ᠮᠠᠰᠢᠨ ᠲᠡᠷᠭᠡᠨ ᠤ ᠥᠷᠲᠡᠭᠡ ᠳᠤ ᠭᠦᠨᠵᠡᠭᠡᠶᠢᠷᠡᠨ ᠰᠦᠷᠳᠡᠭᠦᠯᠦᠯ ᠢ ᠡᠰᠡᠷᠭᠦᠴᠡᠬᠦ ᠰᠡᠷᠭᠡᠶᠢᠯᠡᠯᠲᠡ ᠶᠢᠨ ᠬᠢᠨᠠᠨ ᠵᠢᠯᠣᠭᠤᠳᠣᠯᠭ᠎ᠠ ᠪᠠᠶᠢᠴᠠᠭᠠᠯᠲᠠ ᠥᠷᠨᠢᠭᠦᠯᠪᠡ᠃           ᠪᠠᠶᠢᠴᠠᠭᠠᠯᠲᠠ ᠶᠢᠨ ᠬᠤᠭᠤᠴᠠᠭᠠᠨ ᠳᠤ᠂ ᠪᠠᠶᠢᠴᠠᠭᠠᠬᠤ ᠳᠤᠭᠤᠢᠯᠠᠩ ᠤᠨ ᠬᠢᠨ ᠮᠠᠰᠢᠨ ᠲᠡᠷᠭᠡᠨ ᠤ ᠥᠷᠲᠡᠭᠡ ᠶᠢᠨ ᠰᠦᠷᠳᠡᠭᠦᠯᠦᠯ ᠢ ᠡᠰᠡᠷᠭᠦᠴᠡᠬᠦ ᠰᠡᠷᠭᠡᠶᠢᠯᠡᠯᠲᠡ ᠶᠢᠨ ᠪᠠᠭᠠᠵᠢ ᠬᠡᠷᠡᠭᠰᠡᠯ ᠢ ᠲᠣᠬᠢᠷᠠᠭᠤᠯᠤᠭᠰᠠᠨ ᠪᠠᠶᠢᠳᠠᠯ᠂ ᠠᠮᠤᠷ ᠲᠦᠪᠰᠢᠨ ᠤ ᠪᠠᠶᠢᠴᠠᠭᠠᠯᠲᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠦᠨᠡᠨ ᠨᠡᠷ᠎ᠡ ᠪᠠᠷ ᠪᠢᠯᠧᠲ ᠬᠤᠳᠠᠯᠳᠤᠨ ᠠᠪᠬᠤ ᠰᠢᠰᠲ᠋ᠧᠮ᠂ ᠸᠢᠳᠢᠣ᠋ ᠪᠠᠷ ᠬᠢᠨᠠᠨ ᠡᠵᠡᠮᠳᠡᠬᠦ᠂ ᠰᠦᠷᠳᠡᠭᠦᠯᠦᠯ ᠢ ᠡᠰᠡᠷᠭᠦᠴᠡᠬᠦ ᠪᠠᠴᠢᠮ ᠪᠠᠶᠢᠳᠠᠯ ᠢ ᠠᠷᠭᠠᠴᠠᠨ ᠰᠡᠢᠳᠪᠦᠷᠢᠯᠡᠬᠦ ᠲᠥᠰᠦᠯ᠂ ᠰᠦᠷᠳᠡᠭᠦᠯᠦᠯ ᠢ ᠡᠰᠡᠷᠭᠦᠴᠡᠬᠦ ᠤᠬᠠᠭᠤᠯᠭ᠎ᠠ ᠪᠠ ᠰᠦᠷᠳᠡᠭᠦᠯᠦᠯ ᠢ ᠡᠰᠡᠷᠭᠦᠴᠡᠬᠦ ᠡᠬᠡ ᠳᠠᠩᠰᠠ ᠶᠢ ᠪᠠᠶᠢᠴᠠᠭᠠᠭᠰᠠᠨ ᠪᠥᠭᠡᠳ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠴᠠᠶ᠃ ᠨᠢᠭᠡ ᠳᠤ᠂ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯᠲᠠᠳ ᠠᠵᠢᠯ ᠤᠨ ᠬᠠᠷᠢᠭᠤᠴᠠᠯᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠥᠷᠲᠡᠭᠡᠨ ᠳᠤ ᠤᠷᠤᠭᠰᠠᠨ ᠠᠶᠠᠨᠴᠢᠨ ᠨᠢᠭᠡᠪᠦᠷᠢ ᠡᠷᠬᠡᠪᠰᠢ ᠠᠮᠤᠷ ᠲᠦᠪᠰᠢᠨ ᠤ ᠪᠠᠶᠢᠴᠠᠭᠠᠯᠲᠠ ᠶᠢ ᠴᠢᠩᠭ᠎ᠠ ᠬᠢᠬᠦ ᠬᠡᠷᠡᠭᠲᠡᠶ᠂ ᠬᠤᠷᠢᠭ᠎ᠠ ᠴᠠᠭᠠᠵᠠ ᠶᠢ ᠵᠥᠷᠢᠴᠡᠭᠰᠡᠨ ᠡᠳ᠋ ᠪᠣᠳᠠᠰ ᠢ ᠶᠠᠭᠠᠬᠢᠭᠰᠠᠨ ᠴᠤ ᠣᠷᠣᠭᠤᠯᠵᠤ ᠪᠣᠯᠬᠤ ᠦᠭᠡᠢ︔ ᠬᠤᠶᠠᠷ ᠲᠤ᠂ ᠰᠦᠷᠳᠡᠭᠦᠯᠦᠯ ᠢ ᠡᠰᠡᠷᠭᠦᠴᠡᠬᠦ ᠪᠠᠭᠠᠵᠢ ᠬᠡᠷᠡᠭᠰᠡᠯ ᠢ ᠲᠣᠭᠲᠠᠭᠠᠯ ᠢ ᠴᠢᠩᠭ᠎ᠠ ᠵᠢᠷᠤᠮᠯᠠᠨ ᠲᠣᠭᠲᠠᠭᠰᠠᠨ ᠪᠠᠶᠢᠷᠢᠨ ᠳᠤ ᠲᠠᠯᠪᠢᠬᠤ ᠬᠡᠷᠡᠭᠲᠡᠶ︔ ᠭᠤᠷᠪᠠ ᠳᠤ᠂ ᠲᠡᠷᠭᠡᠨ ᠥᠷᠲᠡᠭᠡᠨ ᠤ ᠠᠵᠢᠯᠲᠠᠨ ᠤ ᠰᠦᠷᠳᠡᠭᠦᠯᠦᠯ ᠢ ᠡᠰᠡᠷᠬᠦᠴᠠᠨ ᠰᠡᠷᠭᠡᠶᠢᠯᠡᠬᠦ ᠬᠥᠮᠦᠵᠢᠯ ᠢ ᠴᠢᠩᠭᠠᠳᠬᠠᠵᠤ᠂ ᠰᠦᠷᠳᠡᠭᠦᠯᠦᠯ ᠢ ᠡᠰᠡᠷᠭᠦᠴᠡᠬᠦ ᠰᠦᠷᠳᠡᠭᠦᠯᠦᠯ ᠢ ᠰᠡᠷᠭᠡᠶᠢᠯᠡᠬᠦ ᠤᠬᠠᠮᠰᠠᠷ ᠢ ᠴᠢᠩᠭᠠᠳᠬᠠᠬᠤ ᠬᠡᠷᠡᠭᠳᠠᠢ᠃ ᠳᠥᠷᠪᠡ ᠳᠤ᠂ ᠰᠦᠷᠳᠡᠭᠦᠯᠦᠯ ᠢ ᠡᠰᠡᠷᠭᠦᠴᠡᠬᠦ ᠪᠠᠴᠢᠮ ᠪᠠᠶᠢᠳᠠᠯ ᠢ ᠠᠷᠭᠠᠴᠠᠬᠤ ᠰᠠᠯᠪᠤᠷᠢ ᠪᠠᠭ᠎ᠠ ᠠᠩᠭᠢ ᠶᠢ ᠴᠠᠭ ᠲᠤᠨᠢ ᠲᠤᠬᠢᠷᠠᠭᠤᠯᠤᠨ ᠵᠣᠬᠢᠶᠠᠨ ᠪᠠᠶᠢᠭᠤᠯᠵᠤ ᠰᠦᠷᠳᠡᠭᠦᠯᠦᠯ ᠢ ᠡᠰᠡᠷᠭᠦᠴᠡᠬᠦ ᠰᠣᠷᠢᠯᠲᠠ ᠬᠢᠯᠭᠡᠵᠦ᠂ ᠭᠡᠨᠡᠳᠲᠡ ᠶᠢᠨ ᠬᠡᠷᠡᠭ ᠢ ᠰᠡᠢᠳᠪᠦᠷᠢᠯᠡᠬᠦ  ᠴᠢᠳᠠᠪᠤᠷᠢ ᠪᠠᠨ ᠲᠡᠭᠡᠰᠢᠯᠡᠬᠦᠯᠬᠦ ᠬᠡᠷᠡᠭᠳᠠᠢ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号