ᠯᠢᠨᠰᠢ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠣᠮᠢᠯᠠᠭᠰᠠᠨ ᠰᠠᠯᠪᠤᠷᠢ ᠶᠢᠨ ᠳᠠᠷᠤᠭ᠎ᠠ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-11-07
        10 ᠰᠠᠷ᠎ᠠ ᠶᠢᠨ 31 ᠤ ᠦᠳᠡ ᠶᠢᠨ ᠡᠮᠦᠨ᠎ᠡ᠂ ᠯᠢᠨᠰᠢ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠣᠮᠢᠯᠠᠭᠰᠠᠨ ᠰᠠᠯᠪᠤᠷᠢ ᠶᠢᠨ ᠳᠠᠷᠤᠭ᠎ᠠ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠯᠢᠨᠰᠢ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ ᠵᠠᠩ ᠯᠢᠶᠠᠨ ᠱᠦᠶ᠂ ᠦᠨᠳᠦᠰᠦᠨ ᠱᠠᠲᠤᠨ ᠤ ᠰᠠᠭᠤᠷᠢ ᠶᠡᠭᠡ ᠠᠩᠭᠢ᠂ ᠡᠯ᠎ᠡ ᠲᠣᠮᠢᠯᠠᠭᠰᠠᠨ ᠰᠠᠯᠪᠤᠷᠢ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
         ᠵᠠᠩ ᠯᠢᠶᠠᠨ ᠱᠦᠶ ᠡᠩ ᠲᠡᠷᠢᠭᠦᠨ ᠳᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠱᠠᠭᠠᠷᠳᠠᠨ ᠵᠢᠯᠣᠭᠤᠳᠬᠤ ᠳᠤᠭᠤᠶᠢᠯᠠᠩ ᠤᠨ ︽ᠡᠷᠭᠢᠵᠦ ᠬᠠᠷᠠᠬᠤ︾ ᠠᠵᠢᠯ ᠢ ᠴᠢᠬᠤᠯᠠᠴᠢᠯᠠᠨ ᠪᠠᠶᠢᠷᠢᠯᠠᠭᠤᠯᠪᠠ᠃ ᠲᠡᠷᠡ᠂ ᠡᠯ᠎ᠡ ᠲᠣᠮᠢᠯᠠᠭᠰᠠᠨ ᠰᠠᠯᠪᠤᠷᠢ ᠨᠢ ︽ᠲᠥᠪ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ 15 ᠳ᠋ᠤᠭᠠᠷ ᠱᠠᠭᠠᠷᠳᠠᠨ ᠵᠢᠯᠣᠭᠤᠳᠬᠤ ᠲᠤᠭᠤᠶᠢᠯᠠᠩ ᠤᠨ ᠵᠢᠷᠭᠤᠳᠤᠭᠠᠷ ᠱᠠᠭᠠᠷᠳᠠᠨ ᠵᠢᠯᠣᠭᠤᠳᠴᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠥᠰᠦᠯ︾ ᠤᠨ ᠱᠠᠭᠠᠷᠳᠠᠯᠭ᠎ᠠ ᠶᠢ ᠦᠨᠡᠨᠬᠦ ᠰᠠᠶᠢᠲᠤᠷ ᠨᠠᠶᠢᠳᠠᠪᠦᠷᠢᠵᠢᠭᠤᠯᠵᠤ᠂ ᠭᠤᠤᠯᠳᠠᠭᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠤᠬᠠᠭᠤᠯᠭ᠎ᠠ᠂ ᠰᠦᠪᠡᠭᠴᠢ ᠶᠢ ᠪᠠᠶᠢᠴᠠᠭᠠᠨ ᠢᠯᠭᠠᠷᠠᠭᠤᠯᠬᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠨᠠᠮᠳᠠᠭᠤᠯᠬᠤ᠂ ︽ᠲᠠᠯᠪᠢᠵᠣ ᠬᠠᠮᠢᠶᠠᠷᠬᠤ ᠦᠢᠯᠡᠴᠢᠯᠡᠭᠡ︾ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠤ ᠬᠠᠮᠢᠶ᠎ᠠ ᠪᠦᠬᠦᠢ ᠠᠵᠢᠯ ᠢ ᠯᠠᠪᠳᠠᠭᠤᠨ ᠪᠠᠲᠤᠲᠠᠶ ᠥᠷᠨᠢᠭᠦᠯᠬᠦ ᠶᠢᠨ ᠬᠠᠮᠲᠤ ᠠᠵᠢᠯ ᠤᠨ ᠡᠬᠡ ᠳᠠᠩᠰᠠ ᠶᠢ ᠲᠡᠭᠦᠯᠳᠡᠷᠵᠢᠭᠦᠯᠬᠦ ᠬᠡᠷᠡᠭᠲᠡᠶ ᠭᠡᠵᠦ ᠱᠠᠭᠠᠷᠳᠠᠪᠠ᠃           ᠳᠠᠩᠰᠠ ᠡᠪᠬᠡᠮᠡᠯ ᠤᠨ ᠲᠠᠰᠤᠭ ᠤᠨ ᠪᠠᠷᠢᠮᠵᠢᠶ᠎ᠠ ᠳᠤ ᠬᠦᠷᠬᠦ ᠲᠠᠯ᠎ᠠ ᠪᠠᠷ᠂ ᠵᠠᠩ ᠯᠢᠶᠠᠨ ᠱᠦᠶ ᠡᠯ᠎ᠡ ᠲᠣᠮᠢᠯᠠᠭᠰᠠᠨ ᠰᠠᠯᠪᠤᠷᠢ ᠶᠢᠨ ᠬᠢᠨ ᠰᠢᠯᠭᠠᠨ ᠠᠪᠬᠤ ᠪᠡᠯᠡᠳᠬᠡᠯ ᠢᠶᠠᠨ ᠰᠠᠶᠢᠲᠤᠷ ᠬᠢᠵᠦ᠂ ᠨᠢᠭᠡ ᠯᠡ ᠤᠳᠠᠭ᠎ᠠ ᠳᠤ ᠪᠠᠷᠢᠮᠵᠢᠶ᠎ᠠ ᠳᠤ ᠬᠦᠷᠦᠭᠦᠯᠬᠦ ᠪᠠᠷ ᠴᠢᠷᠮᠠᠶᠢᠵᠤ᠂ ᠨᠢᠭᠡᠨᠲᠡ ᠪᠠᠷᠢᠮᠵᠢᠶ᠎ᠠ ᠳᠤ ᠬᠦᠷᠦᠭᠰᠡᠨ ᠲᠣᠮᠢᠯᠠᠭᠰᠠᠨ ᠰᠠᠯᠪᠤᠷᠢ ᠶᠢᠨ ᠬᠢᠨ ᠳᠠᠬᠢᠨ ᠰᠢᠯᠭᠠᠨ ᠪᠠᠶᠢᠴᠠᠭᠠᠬᠤ ᠶᠢ ᠤᠭᠲᠤᠬᠤ ᠪᠡᠯᠡᠳᠬᠡᠯ ᠬᠢᠬᠦ ᠬᠡᠷᠡᠭᠲᠡᠶ ᠭᠡᠵᠦ ᠱᠠᠭᠠᠷᠳᠠᠪᠠ᠃           ᠨᠠᠢᠮᠠᠨ ᠤ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ᠂ ᠵᠠᠩ ᠯᠢᠶᠠᠨ ᠱᠦᠶ ᠬᠤᠷᠠᠯ ᠤᠨ ᠵᠣᠷᠢᠭ ᠰᠠᠨᠠᠭ᠎ᠠ ᠶᠢ ᠨᠡᠪᠲᠡᠷᠡᠲᠡᠯ᠎ᠡ ᠣᠶᠢᠯᠠᠭᠠᠵᠤ᠂ ︽ᠦᠨᠳᠦᠰᠦᠨ ᠱᠠᠲᠤ ᠶᠢ ᠶᠡᠬᠡᠪᠡᠷ ᠠᠳᠬᠤᠵᠤ᠂ ᠰᠠᠭᠤᠷᠢ ᠶᠢ ᠶᠡᠬᠡᠪᠡᠷ ᠠᠳᠬᠤᠬᠤ︾ ᠬᠤᠷᠠᠯ ᠤᠨ ᠭᠤᠤᠯ ᠵᠣᠷᠢᠯᠲᠠ ᠶᠢ ᠪᠠᠷᠢᠮᠲᠠᠯᠠᠨ᠂ ᠰᠠᠭᠤᠷᠢ ᠠᠵᠢᠯ ᠢ ᠴᠢᠬᠤᠯᠠᠴᠢᠯᠠᠵᠤ᠂ ᠰᠠᠭᠤᠷᠢ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃ ᠡᠴᠦᠰ ᠲᠤ᠂ ᠵᠠᠩ ᠯᠢᠶᠠᠨ ᠱᠦᠶ ᠴᠢᠬᠤᠯᠠᠴᠢᠯᠠᠬᠤ ᠳᠠᠭᠠᠨ᠂ ᠵᠢᠯ ᠤᠨ ᠡᠴᠦᠰ ᠪᠣᠯᠬᠤ ᠭᠡᠵᠦ ᠪᠠᠶᠢᠨ᠎ᠠ᠂ ᠡᠯ᠎ᠡ ᠲᠣᠮᠢᠯᠠᠭᠰᠠᠨ ᠰᠠᠯᠪᠤᠷᠢ ᠴᠢᠬᠤᠯᠠ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠠᠵᠢᠯ ᠢ ᠰᠠᠶᠢᠲᠤᠷ ᠬᠢᠵᠦ᠂ ᠠᠮᠤᠷ ᠲᠦᠪᠰᠢᠨ ᠤ ᠶᠡᠭᠡ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠬᠠᠷᠢᠶ᠎ᠠ ᠣᠷᠣᠨ ᠤ ᠪᠠᠨ ᠨᠡᠶᠢᠭᠡᠮ ᠤᠨ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠶ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号