ᠯᠢᠨᠰᠢ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠠᠬ᠎ᠠ ᠳᠡᠯᠭᠡᠭᠦᠷ ᠤᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠪᠡ
ᠨᠡᠶᠢᠲᠡᠯᠡᠭᠰᠡᠨ ᠴᠠᠭ᠄
2019-11-07
          ᠤᠯᠠᠭᠠᠨᠬᠠᠳᠠ ᠬᠤᠲᠠ ᠶᠢᠨ 5 ᠰᠠᠯᠠᠭ᠎ᠠ ᠮᠥᠴᠢᠷ ᠤᠨ ︽ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠤᠯᠠᠭᠠᠨᠬᠠᠳᠠ ᠬᠤᠳᠠᠯᠳᠤᠭ᠎ᠠ ᠪᠦᠲᠦᠭᠡᠨ ᠪᠠᠶᠢᠭᠤᠯᠬᠤ ᠦᠰᠦᠭ   ︹ 2019 ︺ 184 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠡᠭᠦᠷᠭᠡ ᠶᠢᠨ ᠬᠤᠪᠢᠶᠠᠷᠢᠯᠠᠯ ᠶᠣᠰᠣᠭᠠᠷ᠂ ᠯᠢᠨᠰᠢ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠨᠠᠨ ᠬᠠᠮᠢᠶᠠᠷᠬᠤ ᠡᠭᠦᠷᠭᠡ ᠴᠢᠳᠠᠪᠤᠷᠢ ᠳᠠᠭᠠᠨ ᠰᠠᠭᠤᠷᠢᠯᠠᠨ ᠂ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠵᠤ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠵᠢᠷᠤᠮᠵᠢᠭᠤᠯᠤᠨ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠪᠠᠷ ᠭᠤᠤᠯᠳᠠᠯᠭ᠎ᠠ ᠪᠤᠯᠭᠠᠪᠠ︔ ᠬᠢᠷᠢ ᠴᠢᠳᠠᠮᠵᠢ ᠶᠢ ᠬᠠᠮᠢᠶᠠᠷᠬᠤ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠪᠣᠭᠤᠮᠲᠠ ᠶᠢ ᠴᠢᠩᠭ᠎ᠠ ᠠᠳᠬᠤᠬᠤ᠂ ᠰᠤᠭᠤᠴᠢᠨ ᠪᠠᠶᠢᠴᠠᠭᠠᠬᠤ ᠶᠢ ᠬᠠᠮᠢᠶᠠᠷᠬᠤ᠂ ᠲᠣᠰᠣᠨ ᠤ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠬᠤ᠂ ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠬᠤ ᠪᠣᠭᠤᠮᠲᠠ ᠶᠢᠨ ︽ᠭᠤᠷᠪᠠ ᠶᠢ ᠬᠢᠨᠠᠨ ᠬᠠᠮᠢᠶᠠᠷᠬᠤ᠂ ᠭᠤᠷᠪᠠ ᠶᠢ ᠡᠵᠡᠮᠳᠡᠬᠦ︾ ᠶᠢ ᠴᠢᠩᠭ᠎ᠠ ᠠᠳᠬᠤᠬᠤ ᠪᠠᠷ ᠠᠷᠭ᠎ᠠ ᠪᠠᠷᠢᠯ ᠪᠣᠯᠭᠠᠵᠤ᠂ ᠡᠵᠡᠩᠨᠡᠯᠲᠡ ᠶᠢᠨ ᠭᠤᠤᠯ ᠴᠣᠭᠴᠠ ᠶᠢᠨ ᠬᠠᠤᠯᠢ ᠶᠣᠰᠣᠨ ᠤ ᠪᠠᠶᠢᠬᠤ ᠶᠢ ᠦᠨᠡᠨᠬᠦ ᠪᠠᠲᠤᠯᠠᠬᠤ᠂ ᠲᠣᠰᠣᠨ ᠤ ᠶᠠᠰᠤ ᠴᠢᠨᠠᠷ ᠬᠢᠷᠢ ᠲᠡᠩᠴᠡᠬᠦ᠂ ᠠᠷᠠᠯᠵᠢᠶᠠᠯᠠᠬᠤ ᠦᠢᠯᠡ ᠠᠵᠢᠯᠯᠠᠭ᠎ᠠ ᠶᠢ ᠲᠣᠭᠲᠠᠭᠠᠯ ᠳᠤ ᠨᠡᠶᠢᠴᠡᠭᠦᠯᠬᠦ ᠶᠢ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ  ᠦᠢᠯᠡᠳᠦᠯᠬᠡᠵᠢᠬᠦᠯᠬᠦ ᠶᠢᠨ ᠪᠣᠳᠠᠲᠠᠶ ᠢᠯᠡᠷᠡᠯ ᠪᠣᠯᠭᠠᠵᠤ᠂ ᠠᠷᠠᠳ ᠤᠨ ᠠᠮᠢᠳᠤᠷᠠᠯ ᠢ ᠪᠠᠲᠤᠯᠠᠬᠤ᠂ ᠠᠷᠠᠳ ᠤᠨ ᠰᠠᠨᠠᠭ᠎ᠠ ᠶᠢ ᠬᠠᠮᠠᠭᠠᠯᠠᠬᠤ ᠭᠤᠤᠯᠳᠠᠯᠭ᠎ᠠ ᠲᠠᠢ ᠠᠵᠢᠯ ᠪᠣᠯᠭᠠᠵᠤ᠂  ᠵᠠᠬ᠎ᠠ ᠳᠡᠯᠭᠡᠭᠦᠷ ᠢ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠦᠭᠰᠡᠨ ᠪᠥᠭᠡᠳ ᠦᠷ᠎ᠡ ᠪᠦᠲᠦᠮᠵᠢ ᠣᠯᠪᠠ᠃          ᠨᠢᠭᠡ ᠳᠤ᠂ ᠬᠢᠷᠢ ᠬᠡᠮ ᠢ ᠬᠠᠮᠢᠶᠠᠷᠴᠤ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠪᠣᠭᠤᠮᠲᠠ ᠶᠢ ᠴᠢᠩᠭ᠎ᠠ ᠠᠳᠬᠤᠨ᠎ᠠ᠃ ᠰᠢᠨ᠎ᠡ ᠵᠠᠬ᠎ᠠ ᠳᠡᠯᠭᠡᠭᠦᠷ ᠤᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ᠤᠨ ᠶᠡᠷᠦᠩᠬᠡᠶ ᠱᠠᠭᠠᠷᠳᠠᠯᠭ᠎ᠠ ᠶᠣᠰᠣᠭᠠᠷ᠂ ᠯᠢᠨᠰᠢ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠬᠢ ᠡᠭᠦᠰᠦᠯ ᠠᠴᠠ ᠨᠢ ᠠᠳᠬᠤᠵᠤ᠂ ᠰᠢᠨ᠎ᠡ ᠵᠠᠬ᠎ᠠ ᠳᠡᠯᠭᠡᠭᠦᠷ ᠤᠨ ᠡᠵᠡᠩᠨᠡᠯᠲᠡ ᠬᠢᠬᠦ ᠪᠠᠷ ᠭᠤᠶᠤᠴᠢᠯᠠᠵᠤ ᠪᠠᠶᠢᠭ᠎ᠠ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠬᠡᠷᠡᠴᠢ ᠲᠡᠮᠳᠡᠭ ᠤᠯᠭᠤᠬᠤ ᠶᠠᠪᠤᠴᠠ ᠶᠢ ᠴᠢᠩᠭᠠᠳᠬᠠᠨ᠂ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠪᠡ᠃ ︽ᠠᠶᠤᠯᠲᠠᠶ ᠬᠢᠮᠢ ᠶᠢᠨ ᠵᠦᠢᠯ ᠢ ᠡᠵᠡᠩᠨᠡᠬᠦ ᠵᠥᠪᠰᠢᠶᠡᠷᠡᠯ ᠤᠨ ᠦᠨᠡᠮᠯᠡᠯ︾᠂ ︽ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ︾ ᠣᠯᠤᠭᠰᠠᠨ ᠦᠭᠡᠢ ᠪᠠᠶᠢᠪᠠᠯ᠂ ᠵᠠᠬ᠎ᠠ ᠳᠡᠯᠭᠡᠭᠦᠷ ᠤᠨ ᠭᠠᠳᠠᠨ᠎ᠠ ᠪᠠᠶᠢᠬᠤ ᠶᠢ ᠴᠥᠮ ᠲᠡᠪᠴᠢᠵᠦ᠂ ᠪᠦᠷᠢᠳᠬᠡᠨ ᠳᠠᠩᠰᠠᠯᠠᠵᠤ᠂ ᠡᠵᠡᠩᠨᠡᠯᠲᠡ ᠶᠢᠨ ᠦᠨᠡᠮᠯᠡᠯ ᠣᠯᠭᠤᠬᠤ ᠦᠭᠡᠢ᠃ ᠡᠭᠦᠨ ᠤ ᠵᠡᠷᠭᠡᠴᠡᠭᠡ ᠪᠠᠷ᠂ ᠨᠡᠶᠢᠴᠡᠬᠦ ᠦᠭᠡᠢ᠂ ᠬᠤᠭᠤᠴᠠᠭ᠎ᠠ ᠬᠡᠲᠦᠷᠡᠭᠰᠡᠨ᠂ ᠡᠵᠡᠩᠨᠡᠯᠲᠡ ᠦᠭᠡᠢ᠂ ᠲᠠᠸᠠᠷ ᠤᠨ ᠲᠡᠮᠳᠡᠭᠲᠦ ᠶᠢᠨ ᠡᠷᠬᠡ ᠳᠤ ᠬᠠᠯᠳᠠᠭᠰᠠᠨ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠪᠠ᠃         ᠬᠤᠶᠠᠷ ᠲᠤ᠂ ᠰᠤᠭᠤᠴᠢᠨ ᠪᠠᠶᠢᠴᠠᠭᠠᠬᠤ ᠶᠢ ᠬᠠᠮᠢᠶᠠᠷᠴᠤ᠂ ᠲᠣᠰᠣᠨ ᠤ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠨ᠎ᠠ᠃ ᠲᠤᠰᠤᠨ ᠤ ᠶᠠᠰᠤ ᠴᠢᠨᠠᠷ ᠬᠢᠷᠢ ᠲᠡᠩᠴᠡᠬᠦ ᠶᠢ ᠦᠨᠡᠨ ᠬᠦ ᠪᠠᠲᠤᠯᠠᠵᠤ᠂ ᠮᠠᠭᠤ ᠪᠠᠷ ᠰᠠᠶᠢᠨ ᠢ ᠣᠷᠣᠯᠠᠭᠤᠯᠬᠤ᠂ ᠱᠣᠰᠢᠭ᠎ᠠ ᠶᠢᠨ ᠬᠠᠭᠤᠳᠠᠰᠤ ᠰᠤᠭᠤᠯᠬᠤ ᠵᠡᠷᠭᠡ ᠬᠡᠷᠡᠭᠯᠡᠭᠴᠢᠳ ᠤᠨ ᠠᠰᠢᠭ ᠲᠤᠰᠠ ᠶᠢ ᠬᠤᠬᠢᠷᠠᠭᠤᠯᠬᠤ ᠠᠰᠠᠭᠤᠳᠠᠯ ᠡᠭᠦᠰᠬᠦ ᠶᠢ ᠰᠡᠷᠬᠡᠶᠢᠯᠡᠬᠦ ᠶᠢᠨ ᠲᠥᠯᠥᠭᠡ᠂ ᠯᠢᠨᠰᠢ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠶ᠎ᠠ ᠣᠷᠣᠨ ᠤ ᠪᠠᠨ ᠳᠣᠲᠣᠷᠠᠬᠢ ᠲᠤᠰᠤ ᠨᠡᠮᠡᠬᠦ ᠥᠷᠲᠡᠭᠡ ᠳᠤ ᠦᠷᠭᠦᠯᠵᠢᠯᠡᠨ ᠪᠠᠶᠢᠴᠠᠭᠠᠯᠲᠠ ᠬᠢᠪᠡ᠃ ᠤᠳᠤ ᠪᠣᠯᠲᠠᠯ᠎ᠠ ᠬᠠᠷᠢᠶ᠎ᠠ ᠣᠷᠣᠨ ᠤ ᠪᠠᠨ 24 ᠥᠷᠲᠡᠭᠡ ᠳᠤ 57 ᠤᠳᠠᠭ᠎ᠠ ᠰᠤᠭᠤᠴᠢᠨ ᠪᠠᠶᠢᠴᠠᠭᠠᠯᠳᠠ ᠬᠢᠵᠤ᠂ ᠲᠡᠬᠡᠷᠡᠬᠢ ᠠᠰᠠᠭᠤᠳᠠᠯ ᠢᠯᠡᠷᠡᠭᠰᠡᠨ ᠦᠭᠡᠢ᠃         ᠭᠤᠷᠪᠠ ᠳᠤ᠂ ᠬᠡᠮᠵᠢᠯᠲᠡ ᠶᠢ ᠬᠠᠮᠢᠶᠠᠷᠴᠤ᠂ ᠬᠡᠷᠡᠭᠯᠡᠭᠡᠨ ᠤ ᠡᠷᠬᠡ ᠶᠢ ᠬᠠᠮᠠᠭᠠᠯᠠᠬᠤ ᠪᠣᠭᠤᠮᠲᠠ ᠶᠢ ᠴᠢᠩᠭ᠎ᠠ ᠰᠠᠬᠢᠨ᠎ᠠ᠃ ᠥᠩᠭᠡᠷᠡᠭᠡᠭᠰᠡᠨ ᠳᠤ ᠣᠨᠴᠠ ᠵᠠᠷᠢᠮ ᠡᠵᠡᠩᠨᠡᠭᠴᠢᠳ ᠬᠡᠷᠡᠭᠯᠡᠭᠴᠢᠳ ᠤᠨ ᠠᠰᠢᠭ ᠲᠤᠰᠠ ᠶᠢ ᠥᠯᠥ ᠬᠠᠶᠢᠬᠤᠷᠤᠨ᠂ ᠲᠣᠰᠣ ᠨᠡᠮᠡᠬᠦ ᠬᠡᠮᠵᠢᠯᠲᠡ ᠶᠢᠨ ᠪᠠᠭᠠᠵᠢ ᠬᠡᠷᠡᠭᠰᠡᠯ ᠳᠡᠭᠡᠷ᠎ᠡ ᠭᠠᠷ ᠬᠥᠯ ᠬᠥᠳᠡᠯᠭᠡᠨ᠂ ᠬᠡᠮ ᠬᠢᠳᠡᠭ᠃ ᠡᠭᠦᠨ ᠳᠤ ᠴᠢᠭᠯᠡᠬᠦᠯᠦᠨ᠂ ᠯᠢᠨᠰᠢ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠡᠷᠡᠭᠯᠡᠵᠦ ᠪᠠᠶᠢᠭ᠎ᠠ ᠲᠣᠰᠣ ᠨᠡᠮᠡᠬᠦ ᠬᠡᠮᠵᠢᠯᠲᠡ ᠶᠢᠨ ᠪᠠᠭᠠᠵᠢ ᠬᠡᠷᠡᠭᠰᠡᠯ ᠢ ᠬᠠᠤᠯᠢ ᠶᠣᠰᠣᠭᠠᠷ ᠠᠯᠪᠠᠲᠠᠨ ᠪᠠᠶᠢᠴᠠᠭᠠᠬᠤ ᠪᠠ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠤᠳᠤ ᠪᠣᠯᠲᠠᠯ᠎ᠠ ᠨᠡᠶᠢᠲᠡ 32 ᠥᠷᠲᠡᠭᠡ ᠪᠠᠶᠢᠴᠠᠭᠠᠵᠤ ᠪᠠᠶᠢᠨ᠎ᠠ᠂ ᠡᠭᠦᠨ ᠳᠤ ᠴᠢᠯᠠᠭᠤᠨ ᠲᠣᠰᠣᠨ ᠤ ᠺᠣᠮᠫᠠᠨᠢ ᠶᠢᠨ ᠬᠠᠷᠢᠶ᠎ᠠ 12 ᠡᠷᠦᠬᠡ᠂ ᠠᠷᠠᠳ ᠤᠨ ᠡᠵᠡᠩᠨᠡᠭᠰᠡᠨ 20 ᠡᠷᠦᠬᠡ ᠪᠠᠶᠢᠵᠤ᠂ ᠬᠡᠮᠵᠢᠯᠲᠡ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠢᠯᠡᠷᠡᠭᠰᠡᠨ ᠥᠬᠡᠶ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号