ᠯᠢᠨᠰᠢ ᠪᠠᠯᠭᠠᠰᠤᠨ ᠤ ᠲᠣᠮᠢᠯᠠᠭᠰᠠᠨ ᠰᠠᠯᠪᠤᠷᠢ ︽ᠰᠦᠯᠵᠢᠶ᠎ᠠ ᠳᠤ ᠠᠭᠤᠰᠤᠯᠴᠠᠭᠤᠯᠬᠤ ᠢᠨᠵᠧᠨᠧᠷᠢᠩ︾ ᠤᠨ ᠲᠠᠪᠴᠠᠩ ᠢᠶᠠᠷ ᠳᠠᠮᠵᠢᠨ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠶ ᠳᠤᠨᠢ ᠠᠷᠢᠯᠭᠠᠪᠠ
ᠨᠡᠶᠢᠲᠡᠯᠡᠭᠰᠡᠨ ᠴᠠᠭ᠄
2019-12-10
             12 ᠰᠠᠷ᠎ᠠ ᠶᠢᠨ 2 ᠤᠨ ᠡᠳᠦᠷ ᠤᠨ 15 ᠴᠠᠭ ᠲᠤ ᠂ ᠯᠢᠨᠰᠢ ᠪᠠᠯᠭᠠᠰᠤᠨ ᠤ ᠲᠣᠮᠢᠯᠠᠭᠰᠠᠨ ᠰᠠᠯᠪᠤᠷᠢ ᠶᠢᠨ ᠠᠮᠤᠷ ᠢ ᠬᠠᠮᠠᠭᠠᠯᠠᠬᠤ ᠰᠦᠯᠵᠢᠶᠠᠨ ᠤ ᠠᠵᠢᠯᠳᠠᠨ ᠬᠠᠨ ᠣᠪᠣᠭᠲᠤ ᠯᠢᠨᠰᠢ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ︽ᠰᠦᠯᠵᠢᠶ᠎ᠠ ᠳᠤ ᠠᠭᠤᠰᠤᠯᠴᠠᠭᠤᠯᠬᠤ ᠢᠨᠵᠧᠨᠧᠷᠢᠩ︾ ᠤᠨ ᠲᠠᠪᠴᠠᠩ ᠢᠶᠠᠷ ᠳᠠᠮᠵᠢᠭᠤᠯᠤᠨ ᠨᠢᠭᠡ ᠵᠤᠷᠪᠤᠰ ᠨᠢᠭᠤᠴᠠ ᠮᠡᠳᠡᠭᠡ ᠵᠠᠩᠭᠢ ᠶᠢ ᠮᠡᠳᠡᠭᠦᠯᠦᠨ ᠬᠦᠷᠭᠡᠪᠡ᠄ ᠯᠢᠨᠰᠢ ᠪᠠᠯᠭᠠᠰᠤᠨ ᠤ ᠲᠣᠤᠷ ᠪᠥᠮᠪᠦᠭᠡ ᠶᠢᠨ ᠴᠡᠴᠡᠷᠯᠢᠭ ᠤᠨ ᠡᠮᠦᠨ᠎ᠡ ᠲᠠᠯ᠎ᠠ ᠳᠤ ᠲᠠᠯᠪᠡᠷᠡᠬᠦ ᠲᠣᠨᠤᠭ ᠲᠥᠬᠦᠭᠡᠷᠦᠮᠵᠢ ᠲᠠᠭᠠᠷᠠᠭᠤᠯᠤᠭᠰᠠᠨ ᠬᠡᠷᠡᠭ ᠤᠨ ᠰᠡᠵᠢᠭ ᠢ ᠢᠯᠡᠷᠡᠭᠦᠯᠪᠡ ᠬᠡᠵᠠᠢ᠃ ᠠᠷᠠᠳ ᠤᠨ ᠴᠠᠭᠳᠠᠭ᠎ᠠ ᠵᠠᠩ ᠶᠠ ᠨᠠᠨ ᠲᠡᠷᠡ ᠳᠠᠷᠤᠶ ᠳᠤᠨᠢ ᠲᠤᠰᠠᠯᠠᠭᠴᠢ ᠴᠠᠭᠳᠠᠭ᠎ᠠ  ᠪᠦ᠋ ᠬᠠᠢ ᠳ᠋ᠦᠩ ᠢ ᠳᠠᠭᠠᠭᠤᠯᠤᠨ ᠲᠤᠬᠠᠢ ᠶᠢᠨ ᠭᠠᠵᠠᠷ ᠲᠤ ᠬᠥᠷᠪᠡ᠃
         ᠲᠤᠬᠠᠶ ᠶᠢᠨ ᠲᠠᠯᠠᠪᠠᠢ ᠳᠤ ᠣᠶᠢᠯᠠᠭᠠᠭᠰᠠᠨ ᠢᠶᠠᠷ᠂ ᠲᠣᠰ ᠲᠣᠨᠤᠭ ᠲᠥᠬᠦᠭᠡᠷᠦᠮᠵᠢ ᠨᠢ ᠲᠡᠮᠦᠷ ᠵᠠᠮ ᠤᠨ ᠵᠠᠮ ᠬᠠᠷᠢᠯᠴᠠᠭᠠᠨ ᠤ ᠤᠷᠢᠳᠴᠢᠯᠠᠨ ᠰᠡᠷᠡᠮᠵᠢᠯᠡᠭᠦᠯᠬᠦ ᠳᠠᠭᠤᠲᠤ ᠲᠤᠯᠭᠠᠭᠤᠷ ᠤᠨ ᠳᠣᠬᠢᠶ᠎ᠠ ᠪᠠᠶᠢᠵᠤ᠂ ᠲᠤᠬᠠᠶ ᠶᠢᠨ ᠲᠠᠯᠠᠪᠠᠢ ᠳᠤ ᠭᠤᠴᠢ ᠭᠠᠷᠤᠶ ᠬᠠᠶᠢᠷᠴᠠᠭ ︵ᠬᠠᠶᠢᠷᠴᠠᠭ ᠪᠦᠷᠢ 6 ᠬᠠᠶᠢᠷᠴᠠᠭ︶ ᠪᠠᠶᠢᠬᠤ ᠶᠢ ᠢᠯᠡᠷᠡᠭᠦᠯᠪᠡ᠃ ᠲᠡᠮᠦᠷ ᠵᠠᠮ ᠤᠨ ᠵᠠᠮ ᠬᠠᠷᠢᠯᠴᠠᠭᠠᠨ ᠤ ᠰᠡᠷᠡᠮᠵᠢᠯᠡᠭᠦᠯᠦᠯ ᠤᠨ ᠳᠠᠭᠤᠲᠤ ᠲᠤᠯᠭᠠᠭᠤᠷ ᠤᠨ ᠳᠣᠬᠢᠶᠠᠨ ᠳᠤ ᠲᠠᠷᠢ ᠲᠠᠢ᠂ ᠰᠦᠷ ᠬᠦᠴᠦᠨ ᠨᠢ ᠲᠤᠶᠢᠯ ᠤᠨ ᠶᠡᠭᠡ ᠪᠠᠶᠢᠳᠠᠭ᠂ ᠬᠡᠷᠪᠡ ᠨᠡᠶᠢᠭᠡᠮ ᠳᠤ ᠣᠷᠣᠬᠤ ᠳᠤ ᠬᠦᠷᠪᠡᠯ ᠠᠶᠤᠯ ᠲᠦᠭᠰᠢᠭᠦᠷᠢ ᠨᠢ ᠶᠡᠭᠡ ᠪᠠᠶᠢᠵᠤ ᠨᠡᠶᠢᠭᠡᠮ ᠤᠨ ᠠᠮᠤᠷ ᠲᠦᠪᠰᠢᠨ ᠪᠠ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠦᠨᠳᠦ ᠨᠣᠴᠢᠲᠠᠶ ᠰᠦᠷᠳᠡᠭᠦᠯᠦᠯ ᠪᠣᠯᠬᠤ ᠨᠢ ᠯᠠᠪᠲᠠᠶ ᠶᠤᠮ᠃ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠠᠷᠠᠳ ᠤᠨ ᠴᠠᠭᠳᠠᠭ᠎ᠠ ᠲᠡᠷᠡ ᠳᠠᠷᠤᠶ ᠳᠤᠨᠢ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠶᠡᠭᠡ ᠠᠩᠭᠢ ᠵᠢᠴᠢ ᠲᠡᠮᠦᠷ ᠵᠠᠮ ᠤᠨ ᠲᠣᠮᠢᠯᠠᠭᠰᠠᠨ ᠰᠠᠯᠪᠤᠷᠢ ᠲᠠᠢ ᠬᠤᠯᠪᠣᠭ᠎ᠠ ᠠᠪᠴᠤ᠂ ᠬᠠᠮᠤᠭ ᠡᠴᠦᠰ ᠲᠤ ᠲᠡᠮᠦᠷ ᠵᠠᠮ ᠤᠨ ᠲᠣᠮᠢᠯᠠᠭᠰᠠᠨ ᠰᠠᠯᠪᠤᠷᠢ ᠠᠴᠠ ᠲᠤᠰᠬᠠᠶ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠵᠤ ᠲᠡᠮᠦᠷ ᠵᠠᠮ ᠤᠨ ᠵᠠᠮ ᠬᠠᠷᠢᠯᠴᠠᠭᠠᠨ ᠤ ᠤᠷᠢᠳᠴᠢᠯᠠᠨ ᠰᠡᠷᠡᠮᠵᠢᠯᠡᠭᠦᠯᠬᠦ ᠳᠠᠭᠤᠲᠤ ᠲᠤᠯᠭᠠᠭᠤᠷ ᠤᠨ ᠳᠣᠬᠢᠶ᠎ᠠ ᠶᠢ ᠲᠤᠬᠠᠶ ᠶᠢᠨ ᠭᠠᠵᠠᠷ ᠲᠤᠨᠢ ᠰᠡᠢᠳᠪᠦᠷᠢᠯᠡᠪᠡ᠂ ᠲᠡᠮᠦᠷ ᠵᠠᠮ ᠤᠨ ᠲᠣᠮᠢᠯᠠᠭᠰᠠᠨ ᠰᠠᠯᠪᠤᠷᠢ ᠨᠢ ᠲᠣᠰ ᠡᠳ᠋ ᠪᠣᠳᠠᠰ ᠤᠨ ᠢᠷᠡᠯᠲᠡ ᠶᠢ ᠤᠯᠠᠮ ᠨᠢᠭᠡ ᠠᠯᠬᠤᠮ ᠪᠠᠶᠢᠴᠠᠭᠠᠵᠤ ᠪᠠᠶᠢᠨ᠎ᠠ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号