12 ᠰᠠᠷ᠎ᠠ ᠶᠢᠨ 6 ᠤ ᠡᠳᠦᠷ᠂ ᠰᠢᠶᠠᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠰᠤᠯᠢᠯᠴᠠᠭᠠᠨ ᠤ | ᠲᠥᠪ ᠠᠴᠠ ᠪᠥᠬᠦ ᠠᠵᠢᠯᠳᠠᠨ ᠢ ᠵᠣᠬᠢᠶᠠᠨ ᠪᠠᠶᠢᠭᠤᠯᠵᠤ ᠲᠧᠯᠸᠢᠰ ᠰᠦᠯᠵᠢᠶᠡᠨ ᠳᠤ ᠭᠠᠷᠬᠤ ᠬᠡᠯᠪᠡᠷᠢ ᠪᠠᠷ ᠲᠤᠰᠬᠠᠶ | ᠮᠡᠷᠭᠡᠵᠢᠯᠲᠡᠨ ᠤ ︽ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠠᠤᠯᠢ ︵ᠵᠠᠰᠠᠪᠤᠷᠢ ᠣᠷᠣᠭᠤᠯᠬᠤ | ᠲᠥᠰᠦᠯ︶︾ ᠶᠢᠨ ᠲᠠᠶᠢᠯᠤᠮᠵᠢ ᠶᠢᠨ ᠰᠢᠭᠤᠳ ᠨᠡᠪᠲᠡᠷᠡᠭᠦᠯᠭᠡ ᠶᠢ ᠪᠥᠬᠦ ᠶᠠᠪᠤᠴᠠ ᠪᠠᠷ ᠰᠣᠨᠢᠷᠬᠠᠪᠠ᠃ | 12 ᠰᠠᠷ᠎ᠠ ᠶᠢᠨ 3 ᠤ ᠡᠳᠦᠷ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ | ᠬᠠᠤᠯᠢ ︵ᠵᠠᠰᠠᠪᠤᠷᠢ ᠣᠷᠣᠭᠤᠯᠬᠤ ᠲᠥᠰᠦᠯ ᠤᠨ ᠢᠯᠡ ᠪᠠᠷ ᠰᠠᠨᠠᠯ ᠬᠤᠷᠢᠶᠠᠬᠤ ᠨᠣᠣᠷᠠᠭ︶︾ ᠶᠢ ᠨᠡᠶᠢᠲᠡᠯᠡᠵᠦ᠂ | ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠵᠠᠶ᠃ 2000 ᠣᠨ ᠠᠴᠠ ᠨᠡᠶᠢᠲᠡᠯᠡᠨ ᠬᠡᠷᠡᠭᠵᠢᠭᠦᠯᠦᠭᠰᠡᠨ ᠡᠨᠡᠬᠦ | ᠬᠠᠤᠯᠢ ᠶᠢᠨ ᠲᠥᠰᠦᠯ ᠢ ᠡᠨᠡ ᠤᠳᠠᠭ᠎ᠠ ᠪᠠᠭ᠎ᠠ ᠪᠤᠰᠤ ᠵᠠᠰᠠᠪᠤᠷᠢ ᠣᠷᠣᠭᠤᠯᠵᠤ᠂ ᠨᠡᠶᠢᠲᠡ 58 ᠵᠦᠢᠯ ᠳᠤ ᠵᠠᠰᠠᠪᠤᠷᠢ | ᠣᠷᠣᠭᠤᠯᠵᠤ᠂ 28 ᠵᠤᠷᠪᠤᠰ ᠨᠡᠮᠡᠵᠦ᠂ 2 ᠵᠤᠷᠪᠤᠰ ᠬᠠᠰᠤᠨ᠂ ᠵᠥᠪᠬᠡᠨ 8 ᠵᠤᠷᠪᠤᠰ ᠨᠢ ᠬᠤᠪᠢᠷᠠᠭᠰᠠᠨ ᠦᠭᠡᠢ᠃ | ᠵᠠᠰᠠᠪᠤᠷᠢ ᠣᠷᠣᠭᠤᠯᠤᠭᠰᠠᠨ ᠠᠭᠤᠯᠭ᠎ᠠ ᠨᠢ ᠭᠤᠤᠯᠳᠠᠭᠤ ᠳᠣᠤᠷᠠᠬᠢ ᠨᠠᠢᠮᠠᠨ ᠲᠠᠯ᠎ᠠ ᠳᠤ ᠬᠤᠯᠪᠣᠭᠳᠠᠨ᠎ᠠ᠄ ᠨᠢᠭᠡ ᠳᠤ | ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠦᠷᠢᠶᠡᠨ ᠳᠠᠬᠢ ᠵᠠᠰᠠᠭ ᠢ ᠲᠠᠯᠪᠢᠬᠤ ᠡᠷᠬᠡ ᠶᠢ | ᠠᠬᠢᠭᠤᠯᠤᠨ᠎ᠠ᠃ ᠬᠤᠶᠠᠷ ᠲᠤ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠶᠢᠨ ᠢᠯᠡ ᠲᠣᠳᠣ ᠶᠢᠨ | ᠬᠡᠮᠵᠢᠶ᠎ᠡ ᠪᠠ ᠵᠢᠷᠤᠮᠵᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠭᠤᠷᠪᠠ ᠳᠤ᠂ ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠬᠦᠯᠢᠶᠡᠬᠦ ᠡᠵᠡᠨ ᠮᠡᠳᠡᠬᠦ ᠡᠷᠬᠡ ᠶᠢ ᠨᠠᠶᠢᠳᠠᠪᠤᠷᠢᠵᠢᠭᠤᠯᠤᠨ᠎ᠠ᠃ ᠳᠥᠷᠪᠡ ᠳᠤ ᠳᠠᠭᠠᠭᠠᠴᠢᠯᠠᠯᠲᠠ | ᠵᠠᠷᠯᠠᠬᠤ ᠳᠠᠭᠠᠭᠠᠴᠢᠯᠠᠯᠲᠠ ᠬᠦᠯᠢᠶᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠲᠠᠪᠤ ᠳᠤ ᠴᠢᠨᠠᠷ ᠮᠠᠭᠤ ᠦᠨ᠎ᠠ | ᠲᠤᠤᠷ᠎ᠠ ᠵᠦᠢᠯ ᠳᠤ ᠳᠠᠭᠠᠭᠠᠴᠢᠯᠠᠯᠲᠠ ᠵᠠᠷᠯᠠᠬᠤ ᠶᠢ ᠰᠡᠢᠳᠪᠦᠷᠢᠯᠡᠨᠠ᠃ ᠵᠢᠷᠭᠤᠭ᠎ᠠ ᠳᠤ ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠬᠦᠯᠢᠶᠡᠬᠦ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ | ᠴᠢᠳᠠᠮᠵᠢ ᠶᠢ ᠬᠦᠢᠴᠡᠳ ᠪᠠᠳᠠᠷᠠᠭᠤᠯᠤᠨ᠎ᠠ᠃ ᠳᠣᠯᠤᠭ᠎ᠠ ᠳᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ | ᠬᠦᠯᠢᠶᠡᠬᠦ ᠦᠢᠯᠡᠳᠦᠯᠬᠡ ᠶᠢᠨ ᠬᠥᠭᠵᠢᠯᠲᠡ ᠳᠤ ᠬᠠᠤᠯᠢ ᠶᠢᠨ ᠪᠠᠲᠤᠯᠠᠭ᠎ᠠ ᠬᠠᠩᠭᠠᠨ᠎ᠠ᠃ ᠨᠠᠢᠮᠠ ᠳᠤ᠂ | ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠪᠠ | ᠰᠢᠨ᠎ᠡ ᠶᠢ ᠡᠭᠦᠳᠦᠨ᠎ᠡ᠃ | ᠰᠢᠶᠠᠨ ᠤ ᠳᠣᠲᠣᠷᠠᠬᠢ ᠡᠯ᠎ᠡ ᠬᠤᠯᠪᠣᠭᠳᠠᠯ ᠪᠦᠬᠦᠢ ᠨᠢᠬᠡᠴᠢ ᠪᠠ ᠨᠡᠶᠢᠭᠡᠮ ᠤᠨ ᠡᠯ᠎ᠡ ᠡᠲᠡᠭᠡᠳ ᠤᠨ ᠬᠥᠮᠦᠰ | 2020 ᠤᠨ 1 ᠰᠠᠷ᠎ᠠ ᠶᠢᠨ 1 ᠤ ᠡᠳᠦᠷ ᠠᠴᠠ ᠡᠮᠦᠨ᠎ᠡ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠤᠨ ᠰᠦᠯᠵᠢᠶ᠎ᠡ(http://www.ndrc.gov.cn) ᠶᠢᠨ ᠲᠦᠷᠦᠭᠦᠤ ᠨᠢᠭᠤᠷ ᠤᠨ ︽ᠬᠠᠷᠢᠯᠴᠠᠨ | ᠰᠤᠯᠢᠯᠴᠠᠬᠤ︾ ᠬᠡᠰᠡᠭ ᠲᠤ ᠤᠷᠤᠵᠤ᠂ ︽ᠰᠠᠨᠠᠯ ᠬᠤᠷᠢᠶᠠᠬᠤ︾ ᠲᠤᠰᠬᠠᠶ ᠪᠤᠯᠤᠩ ᠳᠤ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠠᠤᠯᠢ ︵ᠵᠠᠰᠠᠪᠤᠷᠢ | ᠣᠷᠣᠭᠤᠯᠬᠤ ᠲᠥᠰᠦᠯ ᠤᠨ ᠢᠯᠠ ᠰᠠᠨᠠᠯ ᠬᠤᠷᠢᠶᠠᠬᠤ ᠨᠣᠣᠷᠠᠭ︶︾ ᠶᠢᠨ ᠲᠤᠬᠠᠶ ᠰᠠᠨᠠᠯ ᠰᠠᠨᠠᠭᠤᠯᠭ᠎ᠠ ᠲᠤᠷᠠᠳᠤᠨ᠎ᠠ᠃ | |