ᠦᠢᠷ᠎ᠠ ᠳᠤ᠂ ᠯᠢᠨᠰᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ | ᠬᠡᠯᠲᠡᠰ ᠤᠨ ᠳᠠᠷᠤᠭ᠎ᠠ ᠸᠠᠩ ᠯᠢ ᠨᠠ ᠤᠬᠠᠭᠤᠯᠬᠤ ᠬᠡᠯᠲᠡᠰ ᠤᠨ ᠪᠣᠯᠪᠠᠰᠤᠨ ᠤ ᠠᠯᠪᠠᠨ ᠭᠡᠷ ᠤᠨ ᠠᠵᠢᠯᠳᠠᠨ᠂ ᠡᠯ᠎ᠡ | ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠤᠬᠠᠭᠤᠯᠬᠤ ᠭᠡᠰᠢᠭᠦᠨ ︵ᠠᠵᠢᠯᠯᠠᠭᠴᠢ︶ ᠢ ᠲᠠᠭᠠᠭᠤᠯᠵᠤ ᠤᠯᠤᠰ | ᠤᠨ ᠲᠡᠰ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠬᠡ ᠶᠢᠨ ᠲᠥᠪ ᠤᠨ ᠲᠤᠷᠰᠢᠬᠤ ᠴᠢᠭ ᠬᠢᠩᠭᠠᠨ | ᠠᠶᠢᠮᠠᠭ ᠤᠨ ᠬᠤᠷᠴᠢᠨ ᠪᠠᠷᠠᠭᠤᠨ ᠭᠠᠷᠤᠨ ᠲᠤᠮᠳᠠ ᠬᠤᠰᠢᠭᠤᠨ ᠳᠤ ᠬᠦᠷᠴᠦ ᠰᠢᠨᠵᠢᠯᠡᠨ ᠪᠠᠶᠢᠴᠠᠭᠠᠵᠤ᠂ ᠰᠢᠨ᠎ᠡ | ᠴᠠᠭ ᠦᠶ᠎ᠡ ᠶᠢᠨ ᠪᠣᠯᠪᠠᠰᠤᠨ ᠤ ᠦᠢᠯᠡᠳᠦᠯᠬᠡ ᠶᠢᠨ ᠠᠵᠢᠯ ᠤᠨ ᠲᠡᠷᠢᠭᠦᠨ ᠤ ᠲᠤᠷᠰᠢᠯᠭ᠎ᠠ᠂ ᠠᠷᠭ᠎ᠠ ᠬᠢᠳᠡᠯ ᠢ | ᠰᠤᠷᠤᠯᠴᠠᠪᠠ᠃ | ᠰᠢᠨᠵᠢᠯᠡᠨ ᠪᠠᠢᠴᠠᠭᠠᠬᠤ ᠳᠤᠭᠤᠢᠯᠠᠩ ᠤᠨ ᠬᠢᠨ ᠤᠷᠢᠳ ᠬᠤᠵᠢᠳ ᠪᠠᠶᠠᠨᠬᠤᠰᠢᠭᠤ ᠪᠠᠯᠭᠠᠰᠤᠨ ᠤ ᠤᠰᠤᠨ | ᠭᠠᠴᠠᠭ᠎ᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠬᠡ ᠶᠢᠨ ᠥᠷᠲᠡᠭᠡ᠂ ᠪᠠᠶᠠᠨᠨᠠᠭᠤᠷ ᠰᠤᠮᠤᠨ ᠤ | ᠪᠠᠶᠠᠨᠨᠠᠭᠤᠷ ᠭᠠᠴᠠᠭ᠎ᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠬᠡ ᠶᠢᠨ ᠥᠷᠲᠡᠭᠡ᠂ ᠨᠡᠶᠢᠭᠡᠮ | ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠬᠡ ᠶᠢᠨ | ᠭᠠᠵᠠᠷ᠂ ᠳᠠᠶᠢᠴᠢᠨᠲᠠᠯ᠎ᠠ ᠰᠤᠮᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠬᠡ ᠶᠢᠨ ᠭᠠᠵᠠᠷ᠂ | ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠬᠡ ᠶᠢᠨ ᠵᠢᠯᠣᠭᠤᠳᠬᠤ ᠲᠥᠪ᠂ ᠬᠠᠮ | ᠵᠠᠭᠤᠴᠢᠯᠠᠭᠤᠷ ᠤᠨ ᠲᠥᠪ᠂ ᠲᠣᠮᠣ ᠳ᠋ᠠᠶᠢᠲ᠋ᠠ ᠶᠢᠨ ᠲᠥᠪ ᠵᠡᠷᠭᠡ ᠭᠠᠵᠠᠷ ᠲᠤ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠬᠡ ᠶᠢᠨ ᠲᠥᠪ ︵ᠭᠠᠵᠠᠷ᠂ ᠥᠷᠲᠡᠭᠡ᠂ ᠴᠢᠭ᠋︶ ᠤᠨ ᠴᠢᠳᠠᠮᠵᠢ ᠶᠢᠨ ᠪᠠᠶᠢᠷᠢᠯᠠᠭᠤᠯᠤᠯᠲᠠ᠂ ᠠᠵᠢᠯ ᠤᠨ | ᠲᠣᠭᠲᠠᠴᠠ᠂ ᠲᠠᠪᠴᠠᠩ ᠤᠨ ᠠᠵᠢᠯᠯᠠᠭᠠᠨ᠂ ᠲᠥᠷᠥᠯ ᠲᠡᠮᠳᠡᠭ ᠤᠨ ᠣᠨᠴᠠᠯᠢᠭ ᠵᠢᠴᠢ ᠣᠯᠠᠨ ᠲᠦᠮᠡᠨ ᠤ | ᠰᠣᠶᠣᠯ ᠤᠨ ᠠᠵᠢᠯᠯᠠᠭ᠎ᠠ ᠥᠷᠨᠢᠭᠦᠯᠦᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ | ᠰᠢᠨᠵᠢᠯᠡᠨ ᠪᠠᠶᠢᠴᠠᠭᠠᠵᠤ ᠪᠤᠴᠠᠭᠰᠠᠨ ᠤ ᠳᠠᠷᠠᠭ᠎ᠠ᠂ ᠰᠢᠨᠵᠢᠯᠡᠨ ᠪᠠᠶᠢᠴᠠᠭᠠᠬᠤ ᠳᠤᠭᠤᠢᠯᠠᠩ ᠳ᠋ᠦᠩᠨᠡᠨ | ᠶᠠᠷᠢᠯᠴᠠᠬᠤ ᠬᠤᠷᠠᠯ ᠬᠤᠷᠠᠯᠳᠤᠭᠤᠯᠵᠤ᠂ ᠸᠠᠩ ᠯᠢ ᠨᠠ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ | ᠪᠠᠶᠢᠭᠤᠯᠤᠮᠵᠢ ᠶᠢᠨ ᠪᠠᠶᠢᠷᠢᠯᠠᠭᠤᠯᠤᠯᠲᠠ᠂ ᠲᠣᠭᠲᠠᠴᠠ ᠶᠢᠨ ᠠᠵᠢᠯᠯᠠᠭᠠᠨ᠂ ᠰᠠᠯᠠᠭ᠎ᠠ ᠮᠥᠴᠢᠷ ᠬᠤᠯᠪᠣᠭᠠᠯᠠᠨ | ᠬᠥᠳᠡᠯᠦᠯᠴᠡᠬᠦ᠂ ᠣᠨᠴᠠᠯᠢᠭᠲᠤ ᠲᠥᠷᠥᠯ ᠲᠡᠮᠳᠡᠭ ᠵᠡᠷᠭᠡ ᠲᠠᠯ᠎ᠠ ᠪᠠᠷ ᠬᠤᠷᠴᠢᠨ ᠪᠠᠷᠠᠭᠤᠨ ᠭᠠᠷᠤᠨ ᠲᠤᠮᠳᠠ | ᠬᠤᠰᠢᠭᠤᠨ ᠤ ᠪᠣᠯᠪᠠᠰᠤᠨ ᠤ ᠦᠢᠯᠡᠳᠦᠯᠬᠡ ᠶᠢᠨ ᠠᠵᠢᠯ ᠳᠤ ᠰᠢᠨᠵᠢᠯᠡᠨ ᠪᠠᠶᠢᠴᠠᠭᠠᠯᠳᠠ ᠬᠢᠭᠰᠡᠨ ᠳ᠋ᠦᠩᠨᠡᠯᠲᠡ ᠬᠢᠪᠡ᠃ | ᠲᠡᠷᠠ ᠵᠢᠭᠠᠵᠤ ᠭᠠᠷᠭᠠᠭᠰᠠᠨ ᠨᠢ᠂ ᠮᠠᠨ ᠤ ᠰᠢᠶᠠᠨ ᠤ ᠪᠣᠯᠪᠠᠰᠤᠨ ᠤ ᠦᠢᠯᠡᠳᠦᠯᠬᠡ ᠶᠢᠨ ᠠᠵᠢᠯ ᠨᠢ ᠬᠤᠷᠴᠢᠨ | ᠪᠠᠷᠠᠭᠤᠨ ᠭᠠᠷᠤᠨ ᠲᠤᠮᠳᠠ ᠬᠤᠰᠢᠭᠤᠨ ᠤ ᠪᠣᠯᠪᠠᠰᠤᠨ ᠤ ᠦᠢᠯᠡᠳᠦᠯᠬᠡ ᠶᠢᠨ ᠠᠵᠢᠯ ᠤᠨ ᠲᠤᠷᠰᠢᠯᠭ᠎ᠠ ᠪᠠ ᠠᠷᠭ᠎ᠠ | ᠬᠢᠳᠡᠯ ᠢᠶᠠᠷ ᠲᠣᠯᠢ ᠪᠣᠯᠭᠠᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠪᠠᠭᠤᠷᠠᠢ ᠪᠠᠨ ᠰᠠᠶᠢᠵᠢᠷᠠᠭᠤᠯᠤᠨ᠂ | ᠪᠣᠯᠪᠠᠰᠤᠨ ᠤ ᠦᠢᠯᠡᠳᠦᠯᠬᠡ ᠶᠢᠨ ᠠᠵᠢᠯᠯᠠᠭᠠᠨ ᠤ ᠲᠣᠭᠲᠠᠴᠠ ᠶᠢ ᠤᠯᠠᠮ ᠨᠢᠭᠡ ᠠᠯᠬᠤᠮ ᠰᠢᠯᠤᠭᠤᠳᠬᠠᠬᠤ ᠬᠡᠷᠡᠭᠳᠠᠢ᠂ | ᠪᠣᠯᠪᠠᠰᠤᠨ ᠤ ᠦᠢᠯᠡᠳᠦᠯᠬᠡ ᠶᠢᠨ ᠲᠥᠪ ᠤᠨ ᠪᠠᠶᠢᠭᠤᠯᠤᠯᠲᠠ ᠶᠢ ᠴᠢᠩᠭᠠᠳᠬᠠᠨ᠂ ᠰᠠᠯᠠᠭ᠎ᠠ ᠮᠥᠴᠢᠷ ᠤᠨ | ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠪᠤᠯᠪᠠᠰᠤᠷᠠᠭᠤᠯᠤᠯ ᠢᠶᠠᠷ ᠬᠥᠲᠥᠯᠥᠨ ᠵᠢᠯᠣᠭᠤᠳᠬᠤ ᠶᠢ ᠰᠠᠶᠢᠲᠤᠷ | ᠬᠢᠵᠦ᠂ ︽ᠬᠠᠭᠤᠳᠠᠰᠤ ᠵᠠᠬᠢᠶᠠᠯᠠᠬᠤ᠂ ᠬᠠᠭᠤᠳᠠᠰᠤ ᠲᠠᠷᠬᠠᠭᠠᠬᠤ᠂ ᠬᠠᠭᠤᠳᠠᠰᠤ ᠬᠦᠯᠢᠶᠡᠨ ᠠᠪᠬᠤ᠂ ᠬᠠᠭᠤᠳᠠᠰᠤ | ᠦᠨᠡᠯᠡᠬᠦ︾ ᠳᠦᠷᠢᠮ ᠢ ᠲᠡᠭᠦᠯᠳᠡᠷᠵᠢᠭᠦᠯᠬᠦ ᠬᠡᠷᠡᠭᠲᠡᠶ᠂ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠲᠡᠮᠳᠡᠭ ᠢ | ᠡᠭᠦᠳᠴᠦ᠂ ᠪᠣᠯᠪᠠᠰᠤᠨ ᠤ ᠦᠢᠯᠡᠳᠦᠯᠬᠡ ᠶᠢᠨ ᠰᠠᠶᠢᠨ ᠳᠤᠷ᠎ᠠ ᠶᠢᠨ ᠦᠢᠯᠡᠴᠢᠯᠡᠭᠡ ᠶᠢ ᠪᠠᠶᠢᠩᠭᠤᠵᠢᠭᠤᠯᠬᠤ᠂ | ᠣᠨᠣᠪᠴᠢᠵᠢᠭᠤᠯᠬᠤ᠂ ᠣᠨᠴᠠᠯᠢᠬᠵᠢᠭᠤᠯᠬᠤ ᠶᠢ ᠪᠠᠲᠤᠯᠠᠵᠤ᠂ ᠣᠯᠠᠨ ᠲᠦᠮᠡᠨ ᠳᠤ ᠦᠢᠯᠡᠴᠢᠯᠡᠬᠦ ︽ᠬᠠᠮᠤᠭ | ᠡᠴᠦᠰ ᠤᠨ ᠨᠢᠭᠡ ᠺᠢᠯᠤᠮᠧᠲᠷ︾ ᠢ ᠪᠦᠬᠦ ᠬᠦᠴᠦᠨ ᠢᠶᠠᠷ ᠨᠡᠪᠲᠡᠷᠡᠭᠦᠯᠵᠦ᠂ ᠣᠯᠠᠨ ᠲᠦᠮᠡᠨ ᠳᠤ ᠤᠬᠠᠭᠤᠯᠬᠤ᠂ | ᠣᠯᠠᠨ ᠲᠦᠮᠡᠨ ᠢ ᠬᠥᠲᠥᠯᠥᠨ ᠵᠢᠯᠣᠭᠤᠳᠬᠤ᠂ ᠣᠯᠠᠨ ᠲᠦᠮᠡᠨ ᠢ ᠨᠢᠭᠲᠠᠷᠠᠭᠤᠯᠬᠤ ᠠᠵᠢᠯ ᠤᠨ ᠬᠠᠷᠠᠯᠲᠠ ᠶᠢ | ᠪᠡᠶᠡᠯᠡᠬᠦᠯᠬᠦ ᠬᠡᠷᠡᠭᠳᠠᠢ ᠬᠡᠵᠠᠢ᠃ | ᠬᠤᠷᠠᠯ ᠳᠡᠭᠡᠷ᠎ᠡ᠂ ᠰᠢᠨᠵᠢᠯᠡᠨ ᠪᠠᠶᠢᠴᠠᠭᠠᠬᠤ ᠳᠤᠭᠤᠢᠯᠠᠩ ᠤᠨ ᠬᠡᠰᠢᠬᠦᠳ ᠲᠣᠰ ᠲᠣᠰ ᠰᠤᠷᠤᠯᠴᠠᠯᠭ᠎ᠠ | ᠰᠢᠨᠵᠢᠯᠡᠨ ᠪᠠᠶᠢᠴᠠᠭᠠᠯᠲᠠ ᠶᠢᠨ ᠲᠥᠷᠥᠭᠳᠡᠯ ᠢᠶᠠᠨ ᠶᠠᠷᠢᠵᠤ᠂ ᠵᠥᠷᠢᠶ᠎ᠡ ᠪᠠᠨ ᠡᠷᠢᠨ᠂ ᠠᠵᠢᠯ ᠤᠨ ᠳᠤᠮᠳᠠ ᠣᠷᠣᠰᠢᠵᠤ | ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠳᠠᠷᠠᠭᠠᠴᠢ ᠶᠢᠨ ᠠᠯᠬᠤᠮ ᠤᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠣᠯᠤᠨ | ᠴᠢᠷᠮᠠᠶᠢᠬᠤ ᠴᠢᠭᠯᠡᠯ ᠢᠶᠠᠨ ᠲᠣᠳᠣᠷᠬᠠᠶᠢᠯᠠᠪᠠ᠃ |