ᠭᠤᠸᠠᠨᠳᠢ ᠲᠣᠮᠢᠯᠠᠭᠰᠠᠨ ᠰᠠᠯᠪᠤᠷᠢ ︽ᠬᠠᠤᠯᠢ ᠲᠦᠭᠡᠮᠡᠯᠵᠢᠭᠦᠯᠬᠦ ᠡᠳᠦᠷ︾ ᠤᠨ ᠤᠬᠠᠭᠤᠯᠭ᠎ᠠ ᠶᠢᠨ ᠠᠵᠢᠯᠯᠠᠭᠠᠨ ᠥᠷᠨᠢᠭᠦᠯᠪᠡ
ᠨᠡᠶᠢᠲᠡᠯᠡᠭᠰᠡᠨ ᠴᠠᠭ᠄
2019-12-13
           ᠬᠠᠤᠯᠢ ᠴᠠᠭᠠᠵᠠ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠬᠠᠮᠰᠠᠷ ᠠᠴᠠ ᠪᠠᠨ ᠬᠠᠤᠯᠢ ᠶᠢ ᠰᠤᠷᠴᠤ ᠬᠠᠤᠯᠢ ᠶᠢ ᠰᠠᠬᠢᠵᠤ ᠬᠠᠤᠯᠢ ᠶᠢ ᠬᠡᠷᠡᠭᠯᠡᠬᠦ ᠨᠡᠶᠢᠬᠡᠮ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ ᠂ 12 ᠰᠠᠷ᠎ᠠ ᠶᠢᠨ 4 ᠤ ᠡᠳᠦᠷ᠂  ᠭᠤᠸᠠᠨᠳᠢ ᠲᠣᠮᠢᠯᠠᠭᠰᠠᠨ ᠰᠠᠯᠪᠤᠷᠢ ᠬᠠᠷᠢᠶ᠎ᠠ ᠣᠷᠣᠨ ᠳᠤ ᠭᠦᠨᠵᠡᠭᠡᠶᠢᠷᠡᠨ ︽ᠬᠠᠤᠯᠢ ᠲᠦᠭᠡᠮᠡᠯᠵᠢᠭᠦᠯᠬᠦ ᠡᠳᠦᠷ︾ ᠤᠨ ᠬᠠᠤᠯᠢ ᠳᠦᠷᠢᠮ ᠤᠨ ᠤᠬᠠᠭᠤᠯᠭ᠎ᠠ ᠶᠢᠨ ᠠᠵᠢᠯᠯᠠᠭᠠᠨ ᠥᠷᠨᠢᠭᠦᠯᠪᠡ᠃
          ᠠᠵᠢᠯᠯᠠᠭᠠᠨ ᠳᠤ᠂ ᠠᠷᠠᠳ ᠤᠨ ᠴᠠᠭᠳᠠᠭ᠎ᠠ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠶ ᠶᠢᠨ ᠲᠠᠯᠠᠪᠠᠢ ᠶᠢᠨ ᠬᠡᠷᠡᠭ ᠤᠨ ᠵᠢᠱᠢᠶ᠎ᠡ ᠶᠢ ᠶᠠᠷᠢᠵᠤ ᠲᠠᠶᠢᠯᠪᠤᠷᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠳᠤ ᠰᠠᠭᠤᠭᠠᠯᠢ ᠠᠷᠠᠳ ᠤᠨ ᠡᠳᠦᠷ ᠲᠤᠲᠤᠮ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠶᠢᠨ ᠮᠡᠳᠡᠯᠭᠡ ᠶᠢ ᠬᠠᠩᠭᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠭᠠᠯ ᠢ ᠰᠡᠷᠭᠡᠶᠢᠯᠡᠬᠦ᠂ ᠬᠤᠯᠠᠭᠠᠶᠢᠯᠠᠬᠤ ᠶᠢ ᠰᠡᠷᠭᠡᠶᠢᠯᠡᠬᠦ᠂ ᠮᠡᠬᠡᠯᠡᠬᠦ ᠶᠢ ᠰᠡᠷᠭᠡᠶᠢᠯᠡᠬᠦ ᠡᠯ᠎ᠡ ᠵᠦᠢᠯ ᠤᠨ ᠠᠷᠭ᠎ᠠ ᠪᠣᠳᠣᠯᠭ᠎ᠠ ᠶᠢ ᠲᠠᠨᠢᠯᠴᠠᠭᠤᠯᠵᠤ᠂  ᠬᠡᠷᠬᠢᠨ ᠢᠯᠡᠷᠡᠭᠦᠯᠬᠦ᠂ ᠬᠡᠷᠬᠢᠨ ᠢᠯᠭᠠᠨ ᠲᠣᠳᠣᠯᠠᠬᠤ᠂ ᠬᠡᠷᠬᠢᠨ ᠵᠦᠶ ᠵᠣᠬᠢᠰᠲᠠᠶ᠂ ᠬᠠᠤᠯᠢ ᠶᠣᠰᠣᠨ ᠤ ᠠᠷᠭ᠎ᠠ ᠮᠠᠶ᠋ᠢᠭ ᠢ ᠬᠡᠷᠬᠢᠨ ᠤᠷᠠᠨ ᠢᠶᠠᠷ ᠬᠡᠷᠡᠭᠯᠡᠵᠦ ᠰᠡᠷᠭᠡᠶᠢᠯᠡᠬᠦ ᠶᠢ ᠵᠢᠭᠠᠵᠤ ᠥᠭᠭᠦᠭᠰᠡᠨ ᠪᠠᠶᠢᠨ᠎ᠠ᠃ ᠡᠭᠦᠨ ᠤ ᠬᠠᠮᠲᠤ ᠣᠯᠠᠨ ᠲᠦᠮᠡᠨ ᠢ ᠬᠡᠷᠪᠡ ᠡᠳᠡᠭᠡᠷ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠲᠣᠬᠢᠶᠠᠯᠳᠤᠪᠠᠯ᠂ ᠲᠡᠷᠡ ᠳᠠᠷᠤᠶ ᠳᠤᠨᠢ ᠴᠠᠭᠳᠠᠭ᠎ᠠ ᠳᠤ ᠮᠡᠳᠡᠭᠦᠯᠬᠦ ᠤᠲᠠᠰᠤ ᠠᠪᠴᠤ ᠬᠠᠪᠰᠤᠷᠤᠯᠭ᠎ᠠ ᠡᠷᠢᠬᠦ ᠪᠤᠶᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠢᠳᠡᠪᠬᠢᠲᠡᠶ ᠪᠠᠷ ᠢᠯᠡᠴᠢᠯᠡᠨ ᠮᠡᠳᠡᠭᠦᠯᠬᠦ ᠬᠡᠷᠡᠭᠲᠡᠶ ᠬᠡᠵᠠᠢ᠃ ᠲᠣᠰ ᠤᠳᠠᠭᠠᠨ ᠤ ᠬᠠᠤᠯᠢ ᠳᠦᠷᠢᠮ ᠤᠨ ᠠᠵᠢᠯᠯᠠᠭᠠᠨ ᠳᠤ ᠨᠡᠶᠢᠲᠡ 300 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠣᠯᠠᠨ ᠲᠦᠮᠡᠨ ᠤ ᠲᠤᠬᠠᠶ ᠶᠢᠨ ᠲᠠᠯᠠᠪᠠᠢ ᠶᠢᠨ ᠠᠰᠠᠭᠤᠨ ᠯᠠᠪᠯᠠᠭ᠎ᠠ ᠶᠢ 100 ᠭᠠᠷᠤᠶ ᠬᠥᠮᠥᠨ ᠤᠳᠠᠭ᠎ᠠ ᠬᠦᠯᠢᠶᠡᠨ ᠠᠪᠴᠠᠶ᠃          ᠲᠣᠰ ᠤᠳᠠᠭᠠᠨ ᠤ ᠠᠵᠢᠯᠯᠠᠭᠠᠨ ᠢᠶᠠᠷ ᠳᠠᠮᠵᠢᠭᠤᠯᠤᠨ᠂ ᠬᠠᠷᠢᠶ᠎ᠠ ᠣᠷᠣᠨ ᠤ ᠪᠠᠨ ᠣᠯᠠᠨ ᠲᠦᠮᠡᠨ ᠤ ᠬᠠᠤᠯᠢ ᠳᠦᠷᠢᠮ ᠤᠨ ᠤᠬᠠᠮᠰᠠᠷ ᠢ ᠪᠦᠬᠦ ᠲᠠᠯ᠎ᠠ ᠪᠠᠷ ᠲᠡᠭᠡᠭᠰᠢᠯᠡᠬᠦᠯᠦᠨ᠂ ᠣᠯᠠᠨ ᠲᠦᠮᠡᠨ ᠢ ᠳᠠᠶᠢᠴᠢᠯᠠᠨ ᠠᠮᠤᠷ ᠢ ᠬᠠᠮᠠᠭᠠᠯᠠᠬᠤ ᠣᠷᠴᠢᠨ ᠠᠬᠤᠶ ᠶᠢ ᠶᠡᠷᠦᠩᠬᠡᠶᠢᠯᠡᠨ ᠵᠠᠰᠠᠬᠤ ᠠᠵᠢᠯ ᠢ ᠬᠠᠮᠲᠤ ᠪᠠᠷ ᠲᠦᠯᠬᠢᠨ ᠠᠬᠢᠭᠤᠯᠵᠤ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠶ ᠣᠯᠠᠨ ᠲᠦᠮᠡᠨ ᠤ ᠣᠶᠢᠯᠠᠭᠠᠯᠲᠠ ᠪᠠ ᠳᠡᠮᠵᠢᠯᠭᠡ ᠶᠢ ᠨᠡᠮᠡᠭᠳᠡᠬᠦᠯᠪᠡ
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号