ᠯᠢᠨᠰᠢ ᠪᠠᠯᠭᠠᠰᠤᠨ ᠤ ᠲᠣᠮᠢᠯᠠᠭᠰᠠᠨ ᠰᠠᠯᠪᠤᠷᠢ ᠶᠢᠨ ᠰᠢᠤᠸᠠᠢ ᠹᠦ᠋ ᠨᠡᠶᠢᠭᠡᠮ ᠲᠣᠭᠤᠷᠢᠭ ᠤᠨ ᠡᠮᠡᠭᠳᠠᠶᠢᠴᠤᠳ  ᠤᠨ ᠴᠠᠭᠳᠠᠭᠠᠨ ᠤ ᠶᠠᠪᠤᠳᠠᠯ ᠤᠨ ᠲᠠᠰᠤᠭ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠡᠢᠳᠪᠦᠷᠢᠯᠡᠬᠦ ᠠᠵᠢᠯ ᠢ ᠢᠳᠡᠪᠬᠢᠲᠡᠢ ᠬᠢᠵᠤ ᠪᠠᠶᠢᠨ᠎ᠠ
ᠨᠡᠶᠢᠲᠡᠯᠡᠭᠰᠡᠨ ᠴᠠᠭ᠄
2019-12-13
          ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠪᠣᠯ ᠪᠦᠬᠦ ᠤᠯᠤᠰ ᠤᠨ ᠤᠯᠤᠰ ᠲᠥᠷᠥ ᠬᠠᠤᠯᠢ ᠴᠠᠭᠠᠵᠠ ᠶᠢᠨ ᠶᠡᠷᠦᠩᠬᠡᠶᠢᠯᠡᠨ ᠵᠠᠰᠠᠬᠤ ᠹᠷᠣᠨᠲ ᠤᠨ ᠨᠢᠭᠡᠨ ᠲᠤᠭ ᠲᠡᠮᠳᠡᠭ ᠮᠥᠨ᠂ ᠣᠳᠣᠬᠠᠨ ᠤ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ᠂ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠠᠵᠢᠯ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠶᠠᠪᠤᠳᠠᠯ ᠮᠥᠨ᠃ ︽ᠵᠥᠷᠢᠴᠡᠯ ᠵᠢᠭᠤᠷᠠᠭᠠᠨ ᠢ ᠶᠡᠬᠡᠰᠬᠡᠬᠦ ᠦᠭᠡᠢ᠂ ᠠᠮᠤᠭᠤᠯᠠᠩ ᠲᠠᠶᠢᠪᠤᠩ ᠤᠴᠢᠷ ᠭᠠᠷᠬᠤ ᠦᠭᠡᠢ᠂ ᠦᠢᠯᠡᠴᠢᠯᠡᠭᠡ ᠳᠤᠲᠠᠭᠳᠠᠵᠤ ᠪᠣᠯᠬᠤ ᠦᠭᠡᠢ︾ ᠠᠵᠢᠯ ᠤᠨ ᠬᠠᠷᠠᠯᠲᠠ ᠶᠣᠰᠣᠭᠠᠷ᠂ ᠯᠢᠨᠰᠢ ᠪᠠᠯᠭᠠᠰᠤᠨ ᠤ ᠲᠣᠮᠢᠯᠠᠭᠰᠠᠨ ᠰᠠᠯᠪᠤᠷᠢ ︽ᠰᠦᠯᠵᠢᠶ᠎ᠠ ᠳᠤ ᠠᠭᠤᠰᠤᠯᠴᠠᠭᠤᠯᠬᠤ ᠢᠨᠵᠧᠨᠧᠷᠢᠩ︾ ᠳᠤ ᠲᠦᠰᠢᠭᠯᠡᠨ᠂ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢᠨ ᠵᠥᠷᠢᠴᠡᠯ ᠢ ᠨᠠᠮᠳᠠᠭᠠᠬᠤ᠂ ᠣᠯᠠᠨ ᠲᠦᠮᠡᠨ ᠳᠤ ᠦᠢᠯᠡᠴᠢᠯᠡᠬᠦ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠦᠨᠳᠦᠰᠦᠨ ᠱᠠᠲᠤᠨ ᠤ ᠨᠡᠶᠢᠭᠡᠮ ᠤᠨ ᠵᠠᠰᠠᠨ ᠴᠡᠭᠴᠡᠯᠡᠬᠦ ᠰᠢᠨ᠎ᠡ ᠬᠡᠪ ᠪᠠᠶᠢᠳᠠᠯ ᠢ ᠲᠦᠷᠭᠡᠳᠬᠡᠨ ᠪᠤᠢ ᠪᠣᠯᠭᠠᠪᠠ᠃
         ᠯᠢᠨᠰᠢ ᠪᠠᠯᠭᠠᠰᠤᠨ ᠤ ᠲᠣᠮᠢᠯᠠᠭᠰᠠᠨ ᠰᠠᠯᠪᠤᠷᠢ ᠨᠢ ᠡᠳᠦᠷ ᠲᠤᠲᠤᠮ ᠤᠨ ᠴᠠᠭᠳᠠᠭᠠᠨ ᠤ ᠪᠠᠶᠢᠳᠠᠯ ᠢ ᠮᠡᠳᠡᠭᠦᠯᠬᠦ ᠵᠠᠭᠪᠤᠷ ᠢ ᠬᠡᠷᠡᠭᠯᠡᠨ᠂ ᠵᠥᠷᠢᠴᠡᠯ ᠵᠢᠭᠤᠷᠠᠯᠳᠤᠭᠠᠨ ᠤ ᠬᠡᠷᠡᠭ ᠢ ᠵᠢᠭᠠᠨ ᠲᠣᠭᠲᠠᠭᠠᠭᠰᠠᠨ ᠴᠠᠭᠳᠠᠭᠠᠨ ᠤ ᠶᠠᠪᠤᠳᠠᠯ ᠤᠨ ᠳᠠᠰᠤᠭ ᠲᠤ ᠰᠢᠯᠵᠢᠭᠦᠯᠦᠨ  ᠦᠭᠴᠦ᠂ ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ ᠠᠴᠠ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠡᠢᠳᠪᠦᠷᠢᠯᠡᠬᠦ ᠠᠵᠢᠯ ᠬᠢᠵᠦ᠂ ᠰᠢᠦᠸᠠᠢ ᠹᠦ᠋ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠴᠠᠭᠳᠠᠭᠠᠨ ᠤ ᠶᠠᠪᠤᠳᠠᠯ ᠤᠨ ᠲᠠᠰᠤᠭ ᠦᠢᠯᠡᠴᠢᠯᠡᠬᠡᠨ ᠤ ᠬᠢᠷᠢ ᠬᠡᠮᠵᠢᠶ᠎ᠡ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠮᠤᠷ ᠲᠦᠪᠰᠢᠨ ᠢ ᠴᠠᠭ ᠢᠮᠠᠭᠳᠠ ᠠᠩᠬᠠᠷᠤᠨ᠂ ᠴᠠᠭ ᠢ ᠠᠮᠵᠢᠨ ᠵᠦᠷᠢᠴᠡᠯ ᠵᠢᠭᠤᠷᠠᠯᠳᠤᠭᠠᠨ ᠢ ᠠᠷᠢᠯᠭᠠᠪᠠ᠃ ᠵᠥᠷᠢᠴᠡᠯ ᠵᠢᠭᠤᠷᠠᠭᠠᠨ ᠢ ᠵᠢᠭᠰᠠᠭᠠᠨ ᠪᠠᠶᠢᠴᠠᠭᠠᠵᠤ ᠰᠢᠢᠳᠪᠦᠷᠢᠯᠡᠬᠦ ᠬᠠᠷᠢᠭᠤ ᠰᠤᠷᠪᠤᠯᠵᠢᠯᠠᠭᠰᠠᠨ ᠡᠬᠡ ᠳᠠᠩᠰᠠ ᠶᠢ ᠪᠠᠶᠢᠭᠤᠯᠵᠤ᠂ ᠬᠠᠷᠢᠶᠠᠲᠤ ᠣᠷᠣᠨ ᠤ ᠳᠣᠲᠣᠷ᠎ᠠ ᠡᠭᠦᠰᠦᠭᠰᠡᠨ ᠵᠢᠭᠤᠷᠠᠭᠠᠨ ᠢ ᠳᠠᠩᠰᠠᠯᠠᠨ ᠲᠡᠮᠳᠡᠭᠯᠡᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠬᠠᠷᠢᠭᠤ ᠰᠤᠷᠪᠤᠯᠵᠢᠯᠠᠵᠤ᠂ ᠤᠲᠠᠰᠤ ᠪᠠᠷ ᠬᠠᠷᠢᠭᠤ ᠰᠤᠷᠪᠤᠯᠵᠢᠯᠠᠬᠤ᠂ ᠭᠡᠷ ᠲᠦᠨᠢ ᠬᠦᠷᠴᠦ ᠬᠠᠷᠢᠭᠤ ᠰᠤᠷᠪᠤᠯᠵᠢᠯᠠᠬᠤ᠂ ᠰᠢᠨ᠎ᠡ ᠵᠠᠭᠤᠴᠢᠯᠠᠭᠤᠷ ᠢᠶᠠᠷ ᠬᠠᠷᠢᠭᠤ ᠰᠤᠷᠪᠤᠯᠵᠢᠯᠠᠬᠤ ᠵᠡᠷᠭᠡ ᠠᠷᠭ᠎ᠠ ᠬᠡᠯᠪᠡᠷᠢ ᠪᠠᠷ ᠵᠥᠷᠢᠴᠡᠯ ᠵᠢᠭᠤᠷᠠᠭᠠᠨ ᠢ ᠵᠢᠭᠰᠠᠭᠠᠨ ᠪᠠᠶᠢᠴᠠᠭᠠᠵᠤ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠬᠠᠷᠢᠶᠠᠲᠤ ᠣᠷᠣᠨ ᠤ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠪᠠ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号