ᠯᠢᠨᠰᠢ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠥᠷᠪᠡᠳᠦᠭᠡᠷ ᠶᠡᠷᠦᠩᠬᠡᠶᠢᠯᠡᠭᠰᠡᠨ ᠨᠠᠮ ᠤᠨ ᠡᠭᠦᠷ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭᠠᠨ ᠡᠷᠬᠢᠯᠡᠪᠡ
ᠨᠡᠶᠢᠲᠡᠯᠡᠭᠰᠡᠨ ᠴᠠᠭ᠄
2019-12-13
         12 ᠰᠠᠷ᠎ᠠ ᠶᠢᠨ4 ᠤ ᠦᠳᠡ ᠶᠢᠨ ᠬᠤᠶᠢᠨ᠎ᠠ᠂ ᠯᠢᠨᠰᠢ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠥᠷᠪᠡᠳᠦᠭᠡᠷ ᠶᠡᠷᠦᠩᠬᠡᠶᠢᠯᠡᠭᠰᠡᠨ ᠨᠠᠮ ᠤᠨ ᠡᠭᠦᠷ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭᠠᠨ ᠡᠷᠬᠢᠯᠡᠪᠡ᠂ ᠨᠠᠮ ᠤᠨ ᠬᠤᠷᠢᠶᠠᠨ ᠤ ᠭᠡᠰᠢᠭᠦᠨ᠂ ᠲᠣᠮᠢᠯᠠᠨ ᠰᠠᠭᠤᠯᠭᠠᠭᠰᠠᠨ ᠰᠢᠶᠠᠨ ᠤ ᠲᠣᠪᠴᠢᠶ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠢᠯᠠᠩ ᠤᠨ ᠳᠠᠷᠤᠭ᠎ᠠ ᠯᠢ ᠰᠢᠶᠠᠨ ᠮᠢᠨ᠂ ᠬᠠᠤᠯᠢ ᠳᠦᠷᠢᠮ ᠤᠨ ᠶᠡᠭᠡ ᠠᠩᠭᠢ᠂ ᠤᠯᠤᠰ ᠲᠥᠷᠦ ᠶᠢᠨ ᠭᠠᠵᠠᠷ᠂ ᠱᠠᠯᠠᠪᠳᠠᠭᠤᠯᠤᠨ ᠪᠠᠶᠢᠴᠠᠭᠠᠬᠤ ᠶᠡᠭᠡ ᠠᠩᠭᠢ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠯᠪᠠᠨ ᠭᠡᠷ ᠤᠨ ᠨᠠᠮ ᠤᠨ ᠭᠡᠰᠢᠭᠦᠨ ᠪᠠ ᠨᠠᠮ ᠳᠤ ᠣᠷᠣᠬᠤ ᠢᠳᠡᠪᠬᠢᠳᠠᠨ ᠠᠵᠢᠯᠯᠠᠭᠠᠨ ᠳᠤ ᠣᠷᠣᠯᠴᠠᠪᠠ᠃         ᠠᠵᠢᠯᠯᠠᠭᠠᠨ ᠳᠤ᠂ ᠳᠤᠭᠤᠢᠯᠠᠩ ᠤᠨ ᠳᠠᠷᠤᠭ᠎ᠠ ᠯᠢ ᠰᠢᠶᠠᠨ ᠮᠢᠨ ᠪᠦᠬᠦ ᠨᠠᠮ ᠤᠨ ᠭᠡᠰᠢᠭᠦᠨ ᠢ ᠳᠠᠭᠠᠭᠤᠯᠤᠨ ᠨᠠᠮ ᠳᠤ ᠣᠷᠣᠬᠤ ᠲᠠᠩᠭᠠᠷᠢᠭ ᠤᠨ ᠦᠭᠡ ᠶᠢ ᠳᠠᠬᠢᠨ ᠲᠠᠪᠳᠠᠵᠤ᠂ ᠨᠠᠮ ᠤᠨ ᠡᠭᠦᠷ ᠤᠨ ᠱᠦᠵᠢ ᠯᠢᠦ ᠱᠧᠤ ᠮᠢᠨ ᠶᠡᠷᠦᠩᠬᠡᠶ ᠱᠦᠵᠢ ᠰᠢ ᠶᠢᠨ ᠫᠢᠩ ᠤᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠲᠤᠬᠠᠶ ᠥᠭᠦᠯᠡᠯᠲᠡ ᠶᠢᠨ ᠰᠣᠩᠭᠤᠨ ᠨᠠᠶᠢᠷᠠᠭᠤᠯᠤᠭᠰᠠᠨ  ᠬᠡᠰᠡᠭ ᠢ ᠲᠠᠭᠠᠭᠤᠯᠤᠨ ᠰᠤᠷᠤᠯᠴᠠᠵᠤ᠂  ᠪᠠᠰᠠ ᠬᠠᠮᠲᠤ ᠪᠠᠷ ᠨᠠᠮ ᠤᠨ ᠰᠦᠢᠳᠬᠡᠯ ᠲᠤᠰᠢᠶᠠᠪᠠ᠃         ᠲᠣᠰ ᠤᠳᠠᠭᠠᠨ ᠤ ᠠᠵᠢᠯᠯᠠᠭᠠᠨ ᠪᠣᠯ ᠯᠢᠨᠰᠢ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠠᠭᠤᠯᠭ᠎ᠠ ᠶᠢᠨ ᠨᠢᠭᠡ ᠪᠣᠯᠬᠤ ᠪᠥᠭᠡᠳ ᠪᠠᠰᠠ ᠳᠥᠷᠪᠡᠳᠦᠭᠡᠷ ᠶᠡᠷᠦᠩᠬᠡᠶᠢᠯᠡᠭᠰᠡᠨ ᠨᠠᠮ ᠤᠨ ᠡᠭᠦᠷ ᠤᠨ ︽ᠤᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠠᠵᠢᠯᠯᠠᠭᠠᠨ ᠢ ᠲᠠᠰᠤᠷᠠᠯᠲᠠ ᠥᠬᠡᠶ ᠭᠦᠨᠵᠡᠭᠡᠶ ᠥᠷᠨᠢᠭᠦᠯᠬᠦ ᠶᠢᠨ ᠪᠣᠳᠠᠲᠠᠶ ᠢᠯᠡᠷᠡᠯ ᠪᠣᠯᠤᠨ᠎ᠠ᠃ ᠠᠵᠢᠯᠯᠠᠭᠠᠨ ᠥᠷᠨᠢᠭᠦᠯᠬᠦ ᠪᠠᠷ ᠳᠠᠮᠵᠢᠨ᠂ ᠳᠥᠷᠪᠡᠳᠦᠭᠡᠷ ᠶᠡᠷᠦᠩᠬᠡᠶᠢᠯᠡᠭᠰᠡᠨ ᠨᠠᠮ ᠤᠨ ᠡᠭᠦᠷ ᠤᠨ ᠪᠦᠬᠦ ᠨᠠᠮ ᠤᠨ ᠭᠡᠰᠢᠭᠦᠨ ᠠᠷᠠᠳ ᠤᠨ ᠴᠠᠭᠳᠠᠭ᠎ᠠ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠩ ᠰᠠᠶᠢᠲᠤᠷ ᠣᠶᠢᠯᠠᠭᠠᠵᠤ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ︾ ᠶᠢ ᠰᠤᠷᠤᠯᠴᠠᠨ ᠣᠶᠢᠯᠠᠭᠠᠵᠤ᠂ ᠵᠣᠷᠢᠯᠲᠠ ᠶᠢᠨ ᠤᠬᠠᠮᠰᠠᠷ᠂ ᠠᠷᠠᠳ ᠲᠦᠮᠡᠨ ᠳᠤ ᠦᠢᠯᠡᠴᠢᠯᠡᠬᠦ ᠤᠬᠠᠮᠰᠠᠷ ᠢ ᠪᠠᠲᠤ ᠪᠣᠶ ᠪᠣᠯᠭᠠᠵᠤ᠂ ᠲᠥᠪ ᠭᠤᠤᠯᠴᠢ ᠪᠠᠷ ᠬᠠᠤᠯᠢ ᠬᠡᠷᠡᠭᠵᠢᠭᠦᠯᠬᠦ ᠤᠬᠠᠮᠰᠠᠷ ᠢ ᠠᠬᠢᠭᠤᠯᠬᠤ ᠦᠢᠯᠡᠳᠦᠯ ᠦᠵᠡᠭᠦᠯᠪᠡ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号