ᠳ᠋ᠠ ᠵᠢᠩ ᠲᠤᠮᠢᠯᠠᠭᠰᠠᠨ ᠰᠠᠯᠪᠤᠷᠢ ᠳᠣᠲᠣᠭᠠᠳᠤ ᠶᠠᠪᠤᠳᠠᠯ ᠤᠨ ᠬᠠᠮᠢᠶᠠᠷᠤᠯᠲᠠ ᠶᠢ ᠵᠢᠷᠤᠮᠵᠢᠭᠤᠯᠵᠤ ᠡᠩᠨᠡᠬᠡᠨ  ᠤ ᠰᠠᠶᠢᠨ ᠰᠠᠶᠢᠬᠠᠨ ᠲᠦᠷᠢ ᠲᠦᠷᠬᠦ ᠶᠢ ᠪᠤᠢ ᠪᠤᠯᠭᠠᠵᠤ ᠪᠠᠶᠢᠨ᠎ᠠ
ᠨᠡᠶᠢᠲᠡᠯᠡᠭᠰᠡᠨ ᠴᠠᠭ᠄
2019-12-13
       ᠠᠷᠠᠳ ᠤᠨ ᠴᠠᠭᠳᠠᠭ᠎ᠠ ᠶᠢᠨ ᠡᠩᠨᠡᠭᠡᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠠᠬᠢᠯᠭ᠎ᠠ ᠪᠠᠲᠤ ᠣᠪᠣᠷ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠢᠯ ᠤᠨ ᠴᠢᠨᠠᠷ ᠰᠠᠶᠢᠲᠠᠶ ᠪᠡᠶᠡᠯᠡᠭᠳᠡᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠳ᠋ᠠ ᠵᠢᠩ ᠲᠣᠮᠢᠯᠠᠭᠰᠠᠨ ᠰᠠᠯᠪᠤᠷᠢ ᠨᠢ ᠲᠤᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠳᠣᠲᠣᠭᠠᠳᠤ ᠶᠠᠪᠤᠳᠠᠯ ᠤᠨ ᠬᠠᠮᠢᠶᠠᠷᠤᠯᠲᠠ ᠪᠠᠨ ᠴᠢᠩᠭᠠᠳᠬᠠᠪᠠ᠃        ᠨᠢᠭᠡ ᠳᠤ ᠰᠤᠷᠤᠯᠴᠠᠯᠭ᠎ᠠ ᠬᠥᠮᠦᠵᠢᠯ ᠢ ᠴᠢᠩᠭᠠᠳᠬᠠᠨ᠎ᠠ᠃ ᠪᠦᠬᠦ ᠠᠷᠠᠳ ᠤᠨ ᠴᠠᠭᠳᠠᠭ᠎ᠠ ᠶᠢ ᠵᠣᠬᠢᠶᠠᠨ ᠪᠠᠶᠢᠭᠤᠯᠤᠨ ᠳᠣᠲᠣᠭᠠᠳᠤ ᠶᠠᠪᠤᠳᠠᠯ ᠤᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠳᠦᠷᠢᠮ ᠲᠣᠭᠲᠠᠭᠠᠯ ᠢ ᠨᠠᠷᠢᠨ ᠬᠢᠨᠠᠮᠠᠭᠠᠶ ᠰᠤᠷᠤᠯᠴᠠᠭᠤᠯᠵᠤ᠂ ᠠᠷᠠᠳ ᠤᠨ ᠴᠠᠭᠳᠠᠭ᠎ᠠ ᠶᠢᠨ ᠦᠵᠡᠯ ᠰᠠᠨᠠᠭ᠎ᠠ ᠲᠠᠨᠢᠯᠲᠠ ᠶᠢ ᠤᠯᠠᠮ ᠨᠢᠭᠡ ᠠᠯᠬᠤᠮ ᠨᠢᠭᠡᠳᠬᠡᠵᠦ᠂ ᠪᠦᠬᠦ ᠠᠷᠠᠳ ᠤᠨ ᠴᠠᠭᠳᠠᠭ᠎ᠠ ᠳᠤ ᠳᠣᠲᠣᠭᠠᠳᠤ ᠶᠠᠪᠤᠳᠠᠯ ᠤᠨ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠪᠣᠯ ᠰᠠᠶᠢᠨ ᠰᠠᠶᠢᠬᠠᠨ ᠳᠦᠷᠢ ᠲᠥᠷᠬᠦ ᠶᠢᠨ ᠭᠠᠳᠠᠭᠠᠳᠤ ᠲᠤᠰᠬᠠᠯ ᠪᠣᠯᠬᠤ ᠮᠥᠷᠲᠡᠭᠡᠨ ᠪᠠᠰᠠ ᠨᠢᠭᠡᠨ ᠡᠩᠨᠡᠭᠡ ᠶᠢᠨ ᠳᠠᠶᠢᠴᠢᠨ ᠬᠦᠴᠦᠨ᠂ ᠨᠢᠭᠲᠠᠷᠠᠯ ᠤᠨ ᠬᠦᠴᠦᠨ ᠤ ᠳᠣᠲᠣᠭᠠᠳᠤ ᠲᠤᠰᠬᠠᠯ ᠪᠣᠯᠬᠤ ᠶᠢ ᠬᠦᠢᠴᠡᠳ ᠲᠠᠨᠢᠭᠤᠯᠵᠤ᠂ ᠳᠣᠲᠣᠭᠠᠳᠤ ᠬᠦᠴᠦᠨ ᠤ ᠬᠡᠪ ᠴᠢᠨᠠᠷ ᠢ ᠤᠬᠠᠮᠰᠠᠷ ᠠᠴᠠ ᠪᠠᠨ ᠪᠡᠶᠡᠯᠡᠭᠦᠯᠵᠦ᠂ ᠭᠠᠳᠠᠭᠠᠳᠤ ᠳᠦᠷᠢ ᠲᠥᠷᠬᠦ ᠶᠢ ᠪᠤᠢ ᠪᠣᠯᠭᠠᠵᠤ᠂ ᠠᠷᠠᠳ ᠤᠨ ᠴᠠᠭᠳᠠᠭ᠎ᠠ ᠶᠢᠨ ᠰᠠᠶᠢᠨ ᠰᠠᠶᠢᠬᠠᠨ ᠳᠣᠲᠣᠭᠠᠳᠤ ᠶᠠᠪᠤᠳᠠᠯ ᠤᠨ ᠡᠮᠬᠢ ᠵᠢᠷᠤᠮ ᠢ ᠤᠬᠠᠮᠰᠠᠷ ᠠᠴᠠ ᠪᠠᠨ ᠬᠠᠮᠠᠭᠠᠯᠠᠬᠤ ᠤᠬᠠᠮᠰᠠᠷᠲᠤ ᠴᠢᠨᠠᠷ ᠪᠠ ᠰᠠᠨᠠᠭᠠᠴᠢᠯᠠᠭᠠᠲᠤ ᠴᠢᠨᠠᠷ ᠢ ᠨᠡᠮᠡᠭᠳᠡᠭᠦᠯᠬᠦ ᠬᠡᠷᠡᠭᠲᠡᠶ᠃        ᠬᠤᠶᠠᠷ ᠲᠤ ᠳᠣᠲᠣᠭᠠᠳᠤ ᠶᠠᠪᠤᠳᠠᠯ ᠤᠨ ᠬᠠᠮᠢᠶᠠᠷᠤᠯᠲᠠ ᠶᠢ ᠴᠢᠩᠳᠠᠯᠠᠨ᠎ᠠ᠃ ᠪᠠᠲᠤ ᠴᠢᠩᠭ᠎ᠠ ᠰᠠᠬᠢᠯᠭ᠎ᠠ ᠪᠠᠲᠤ ᠪᠠᠷ ᠡᠩᠨᠡᠭᠡ ᠶᠢ ᠠᠳᠬᠤᠵᠤ᠂ ᠡᠩᠨᠡᠭᠡ ᠶᠢᠨ ᠰᠠᠬᠢᠯᠭ᠎ᠠ ᠪᠠᠲᠤ ᠶᠢ ᠥᠴᠦᠬᠡᠨ ᠴᠦ ᠵᠥᠷᠢᠴᠡᠬᠦ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ ᠡᠩᠨᠡᠭᠡ ᠶᠢ ᠬᠠᠮᠢᠶᠠᠷᠬᠤ ᠪᠣᠯ ᠳᠣᠲᠣᠭᠠᠳᠤ ᠶᠢ ᠬᠠᠮᠠᠭᠠᠯᠠᠬᠤ ᠠᠵᠢᠯ ᠤᠨ ᠦᠨᠳᠦᠰᠦ ᠮᠥᠨ᠂ ᠡᠩᠨᠡᠭᠡ ᠶᠢ ᠰᠠᠶᠢᠲᠤᠷ ᠬᠠᠮᠢᠶᠠᠷᠬᠤ ᠦᠭᠡᠢ ᠪᠣᠯ ᠠᠵᠢᠯ ᠤᠨ ᠳᠤᠮᠳᠠ ᠠᠰᠠᠭᠤᠳᠠᠯ ᠭᠠᠷᠬᠤ ᠪᠣᠯᠤᠨ᠎ᠠ᠃ ᠳ᠋ᠠ ᠵᠢᠩ ᠲᠣᠮᠢᠯᠠᠭᠰᠠᠨ ᠰᠠᠯᠪᠤᠷᠢ ᠡᠩᠨᠡᠭᠡᠨ ᠤ ᠦᠵᠡᠯ ᠰᠠᠨᠠᠭᠠᠨ ᠤ  ᠪᠠᠶᠢᠳᠠᠯ ᠳᠤ ᠭᠦᠨᠵᠡᠭᠡᠶ ᠵᠠᠳᠠᠯᠤᠯᠲᠠ ᠬᠢᠵᠦ᠂ ᠡᠩᠨᠡᠭᠡᠨ ᠤ ᠪᠠᠶᠢᠭᠤᠯᠤᠯᠲᠠ ᠶᠢᠨ ᠲᠠᠯ᠎ᠠ ᠪᠠᠷ ᠲᠥᠪ ᠰᠤᠷᠲᠠᠯ ᠢ ᠪᠤᠢ ᠪᠣᠯᠭᠠᠵᠤ᠂ ᠭᠠᠵᠢᠭᠤ ᠰᠤᠷᠲᠠᠯ ᠢ ᠠᠷᠢᠯᠭᠠᠵᠤ᠂ ᠦᠨᠳᠦᠰᠦ ᠰᠤᠷᠪᠤᠯᠵᠢ ᠶᠢ ᠨᠢ ᠡᠷᠢᠵᠦ᠂ ᠬᠦᠷᠦᠯᠴᠡᠬᠦ ᠦᠭᠡᠢ ᠲᠠᠯ᠎ᠠ ᠶᠢ ᠨᠢ ᠪᠠᠶᠢᠴᠠᠭᠠᠨ᠂ ᠴᠠᠭᠳᠠᠭ᠎ᠠ ᠶᠢ ᠴᠢᠩᠭ᠎ᠠ ᠵᠠᠰᠠᠬᠤ ᠡᠩᠨᠡᠭᠡᠨ ᠤ ᠪᠠᠶᠢᠭᠤᠯᠤᠯᠲᠠ ᠶᠢᠨ ᠦᠨᠳᠦᠰᠦᠨ ᠪᠠᠶᠢᠯᠳᠤᠬᠤ ᠪᠣᠳᠣᠯᠭ᠎ᠠ ᠶᠢ ᠡᠷᠡᠰ ᠭᠤᠶᠢᠪᠢᠰᠢ ᠦᠭᠡᠢ ᠪᠠᠷ ᠲᠤᠤᠱᠯᠠᠭᠤᠯᠤᠨ ᠨᠠᠢᠳᠠᠪᠤᠷᠢᠵᠢᠭᠤᠯᠬᠤ᠂ ︽ᠴᠠᠭᠳᠠᠭᠠᠨ ᠤ ᠰᠤᠷᠲᠠᠯ ᠢ ᠲᠥᠪ ᠪᠣᠯᠭᠠᠨ ᠮᠠᠭᠤ ᠳᠠᠳᠬᠠᠯ ᠢ ᠠᠷᠢᠯᠭᠠᠬᠤ︾ ᠪᠠᠷ ᠲᠦᠰᠢᠭ ᠪᠣᠯᠭᠠᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠰᠡᠳᠬᠢᠯ ᠢ ᠨᠢᠭᠲᠠᠷᠠᠭᠤᠯᠤᠨ᠂ ᠲᠥᠪ ᠰᠤᠷᠲᠠᠯ ᠢ ᠪᠤᠢ ᠪᠣᠯᠭᠠᠵᠤ᠂ ᠡᠩᠨᠡᠭᠡᠨ ᠤ ᠵᠢᠷᠤᠮᠵᠢᠭᠰᠠᠨ ᠪᠠᠶᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠶ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号