12 ᠰᠠᠷ᠎ᠠ ᠶᠢᠨ 12 ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠤᠯᠤᠰ | ᠲᠦᠷᠦ ᠬᠠᠤᠯᠢ ᠴᠠᠭᠠᠵᠠ ᠶᠢᠨ ᠵᠦᠪᠯᠡᠯ ᠤᠨ ᠳᠡᠳ᠋ ᠱᠦᠵᠢ ᠵᠢᠶᠠᠩ ᠬᠠᠢ ᠬᠤᠲᠠ ᠶᠢᠨ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠬᠤᠯᠪᠣᠭ᠎ᠠ ᠠᠪᠴᠤ ᠵᠢᠭᠠᠨ ᠵᠢᠯᠣᠭᠤᠳᠬᠤ ᠬᠤᠶᠠᠳᠤᠭᠠᠷ | ᠲᠤᠭᠤᠶᠢᠯᠠᠩ ᠢ ᠳᠠᠭᠠᠭᠤᠯᠤᠨ ᠯᠢᠨᠰᠢ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠬᠦᠷᠴᠦ ᠠᠵᠢᠯ | ᠵᠢᠯᠣᠭᠤᠳᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠦᠷᠦ ᠬᠠᠤᠯᠢ ᠴᠠᠭᠠᠵᠠ | ᠶᠢᠨ ᠵᠦᠪᠯᠡᠯ ᠤᠨ ᠱᠦᠵᠢ ᠯᠢᠦ ᠳ᠋ᠧ ᠵᠢᠶᠦ᠋ᠨ᠂ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ | ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠸᠠᠩ ᠬᠤᠢ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ | ᠤᠯᠤᠰ ᠲᠥᠷᠥ ᠶᠢᠨ ᠭᠡᠰᠢᠭᠦᠨ ᠰᠦᠨ ᠢᠦᠶ ᠵᠢᠶᠦ᠋ᠨ ᠪᠠᠷ᠎ᠠ ᠪᠣᠯᠪᠠ᠃ | | | | | | | | | | | | | | | | | | | | ᠰᠢᠶᠠᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠦᠵᠡᠭᠦᠯᠭᠡ ᠶᠢᠨ ᠲᠢᠩᠬᠢᠮ ᠳᠤ᠂ ᠬᠤᠯᠪᠣᠭ᠎ᠠ | ᠠᠪᠴᠤ ᠵᠢᠯᠣᠭᠤᠳᠬᠤ ᠲᠤᠭᠤᠶᠢᠯᠠᠩ ᠯᠢᠨᠰᠢ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠤᠨ ᠱᠠᠲᠤᠴᠢ ᠴᠢᠨᠠᠷᠲᠠᠶ ᠦᠷ᠎ᠡ ᠪᠦᠲᠦᠭᠡᠯ ᠤᠨ | ᠦᠵᠡᠭᠦᠯᠭᠡ ᠶᠢᠨ ᠰᠠᠮᠪᠠᠷ᠎ᠠ ᠶᠢ ᠲᠣᠭᠤᠷᠢᠨ ᠦᠵᠡᠪᠡ᠃ ᠲᠣᠪᠴᠢᠶ᠎ᠠ ᠶᠢᠨ ᠬᠠᠷ᠎ᠠ ᠪᠦᠯᠦᠭᠲᠡᠨ ᠢ ᠠᠷᠢᠯᠭᠠᠬᠤ | ᠠᠵᠢᠯ ᠤᠨ ᠠᠯᠪᠠᠨ ᠭᠡᠷ ᠲᠤ᠂ ᠬᠤᠯᠪᠤᠭ᠎ᠠ ᠠᠪᠴᠤ ᠵᠢᠭᠠᠨ ᠵᠢᠯᠣᠭᠤᠳᠬᠤ ᠳᠤᠭᠤᠶᠢᠯᠠᠩ ᠠᠷᠠᠳ ᠤᠨ ᠴᠠᠭᠳᠠᠭ᠎ᠠ ᠲᠠᠢ | ᠰᠠᠨᠠᠯ ᠢᠶᠠᠨ ᠭᠦᠨᠵᠡᠭᠡᠶ ᠰᠣᠯᠢᠯᠴᠠᠵᠤ᠂ ᠠᠵᠢᠯᠲᠠᠨ ᠤ ᠲᠣᠬᠢᠷᠠᠭᠤᠯᠤᠯᠲᠠ᠂ ᠠᠵᠢᠯ ᠤᠨ ᠡᠷᠭᠢᠯᠲᠡ ᠵᠡᠷᠭᠡ ᠪᠠᠶᠢᠳᠠᠯ ᠢ | ᠨᠠᠷᠢᠨ ᠬᠢᠨᠠᠮᠠᠭᠠᠶ ᠣᠶᠢᠯᠠᠭᠠᠵᠤ᠂ ᠰᠦᠪᠡᠭᠴᠢ ᠶᠢ ᠬᠠᠷᠭᠤᠭᠤᠯᠤᠨ ᠪᠠᠶᠢᠴᠠᠭᠠᠬᠤ᠂ ᠬᠡᠷᠡᠭ ᠢ ᠲᠠᠩᠨᠠᠨ ᠰᠡᠢᠳᠪᠦᠷᠢᠯᠡᠬᠦ᠂ | ᠡᠳ᠋ ᠮᠥᠩᠭᠦᠨ ᠤ ᠶᠠᠪᠤᠳᠠᠯ ᠢ ᠲᠠᠰᠤᠯᠬᠤ᠂ ᠳᠠᠩᠰᠠ ᠡᠪᠬᠡᠮᠡᠯ ᠤᠨ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠤᠨ | ᠬᠠᠷᠢᠭᠤ ᠮᠡᠳᠡᠬᠦᠯᠦᠯᠳᠠ ᠶᠢ ᠰᠣᠨᠣᠰᠤᠭᠰᠠᠨ ᠪᠥᠭᠡᠳ ᠬᠤᠯᠪᠣᠭᠳᠠᠯ ᠪᠦᠬᠦᠢ ᠠᠵᠢᠯ ᠤᠨ ᠳᠠᠩᠰᠠ ᠡᠪᠬᠡᠮᠡᠯ ᠢ | ᠪᠠᠶᠢᠴᠠᠭᠠᠨ ᠦᠵᠡᠪᠡ᠃ | | | | | | | | | | | | | | | | | | | | ᠵᠢᠯᠣᠭᠤᠳᠬᠤ ᠲᠥᠪ ᠤᠨ ᠶᠡᠭᠡ ᠲᠢᠩᠬᠢᠮ ᠳᠤ᠂ ᠬᠤᠯᠪᠣᠭ᠎ᠠ ᠠᠪᠴᠤ ᠵᠢᠯᠣᠭᠤᠳᠬᠤ ᠲᠤᠭᠤᠶᠢᠯᠠᠩ | ᠬᠠᠷᠢᠭᠤ ᠮᠡᠳᠡᠭᠦᠯᠦᠯᠲᠡ ᠶᠢᠨ ᠹᠢᠯᠢᠮ ᠢ ᠰᠣᠨᠢᠷᠬᠠᠬᠤ ᠪᠠᠷ ᠳᠠᠮᠵᠢᠨ ᠯᠢᠨᠰᠢ ᠰᠢᠶᠠᠨ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠨᠡᠶᠢᠬᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢᠨ | ᠪᠠᠶᠢᠳᠠᠯ ᠢ ᠣᠶᠢᠯᠠᠭᠠᠵᠤ᠂ ︽ᠰᠢᠦᠸᠠᠢ ᠯᠢᠶᠠᠩ ᠢᠨᠵᠧᠨᠧᠷᠢᠩ︾ ᠤᠨ ᠪᠦᠲᠦᠭᠡᠨ ᠪᠠᠶᠢᠭᠤᠯᠤᠯᠲᠠ ᠶᠢᠨ ᠠᠬᠢᠴᠠ | ᠪᠣᠯᠤᠨ ᠴᠢᠳᠠᠮᠵᠢ ᠶᠢᠨ ᠬᠡᠷᠡᠭᠯᠡᠯᠲᠡ ᠶᠢᠨ ᠪᠠᠶᠢᠳᠠᠯ ᠤᠨ ᠲᠤᠬᠠᠶ ᠲᠠᠨᠢᠯᠴᠠᠭᠤᠯᠭ᠎ᠠ ᠶᠢ ᠰᠤᠨᠤᠰᠴᠤ᠂ ᠪᠠᠰᠠ ᠰᠢᠶᠠᠩ | ᠪᠠᠯᠭᠠᠰᠤ᠂ ᠲᠣᠰᠬᠤᠨ ᠤ ᠱᠠᠲᠤᠨ ᠤ ᠶᠡᠷᠦᠩᠬᠡᠶᠢᠯᠡᠨ ᠵᠠᠰᠠᠬᠤ ᠲᠥᠪ ᠲᠠᠢ ᠬᠤᠯᠪᠣᠭᠰᠠᠨ ᠪᠠᠶᠢᠳᠠᠯ ᠳᠤ ᠰᠤᠭᠤᠴᠢᠨ | ᠪᠠᠶᠢᠴᠠᠭᠠᠯᠳᠠ ᠬᠢᠵᠡᠶ᠃ | |