ᠭᠤᠸᠠᠨᠳᠢ ᠪᠠᠶᠢᠷᠢ ᠳᠤ ᠰᠠᠭᠤᠬᠤ ᠳᠦᠷᠢᠮᠲᠦ ᠪᠠᠭ᠎ᠠ ᠰᠤᠷᠭᠠᠭᠤᠯᠢ ᠦᠨᠳᠦᠰᠦᠨ ᠬᠠᠤᠯᠢ ᠶᠢ ᠰᠤᠷᠤᠯᠴᠠᠵᠤ ᠤᠬᠠᠭᠤᠯᠬᠤ ᠰᠢᠷᠢᠰ ᠠᠵᠢᠯᠯᠠᠭᠠᠨ ᠥᠷᠨᠢᠭᠦᠯᠪᠡ
ᠨᠡᠶᠢᠲᠡᠯᠡᠭᠰᠡᠨ ᠴᠠᠭ᠄
2019-12-18
         ︽ᠰᠤᠷᠭᠠᠨ ᠬᠦᠮᠦᠵᠢᠯ ᠤᠨ ᠶᠠᠮᠤᠨ ᠤ 2019 ᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠤᠯᠤᠰ ᠤᠨ ᠦᠨᠳᠦᠰᠦᠨ ᠬᠠᠤᠯᠢ ᠶᠢᠨ ᠡᠳᠦᠷ ᠤᠨ ᠭᠤᠤᠯ ᠰᠡᠳᠦᠪᠲᠦ ᠰᠤᠷᠭᠠᠨ ᠬᠥᠮᠦᠵᠢᠯ ᠤᠨ ᠠᠵᠢᠯᠯᠠᠭᠠᠨ ᠢ ᠰᠠᠶᠢᠲᠤᠷ ᠬᠢᠬᠦ ᠲᠤᠬᠠᠶ ᠮᠡᠳᠡᠭᠳᠡᠯ︾ ᠢ ᠵᠢᠷᠤᠮᠯᠠᠨ᠂ ᠰᠤᠷᠭᠠᠭᠤᠯᠢ ᠶᠢᠨ ᠵᠥᠪᠯᠡᠯ ᠤᠨ ᠬᠢᠨ 12 ᠰᠠᠷ᠎ᠠ ᠶᠢᠨ 2 ᠤᠨ ᠡᠳᠦᠷ ︽12.4 ᠦᠨᠳᠦᠰᠦᠨ ᠬᠠᠤᠯᠢ ᠶᠢᠨ ᠡᠳᠦᠷ︾ ᠳᠤ ᠴᠢᠭᠯᠡᠭᠦᠯᠦᠨ ︽ᠭᠤᠸᠠᠨᠳᠢ ᠪᠠᠶᠢᠷᠢ ᠳᠤ ᠰᠠᠭᠤᠬᠤ ᠳᠦᠷᠢᠮᠲᠦ ᠪᠠᠭ᠎ᠠ ᠰᠤᠷᠭᠠᠭᠤᠯᠢ ᠶᠢᠨ ᠦᠨᠳᠦᠰᠦᠨ ᠬᠠᠤᠯᠢ ᠶᠢ ᠰᠤᠷᠤᠯᠴᠠᠵᠤ ᠦᠨᠳᠦᠰᠦᠨ ᠬᠠᠤᠯᠢ ᠶᠢ ᠡᠷᠬᠢᠮᠯᠡᠬᠦ ᠰᠤᠷᠭᠠᠨ ᠬᠥᠮᠦᠵᠢᠯ ᠤᠨ ᠠᠵᠢᠯᠯᠠᠭᠠᠨ ᠤ ᠲᠥᠰᠦᠯ︾ ᠢ ᠲᠣᠭᠲᠠᠭᠠᠪᠠ᠃
          ᠲᠣᠰ ᠤᠳᠠᠭ᠎ᠠ ᠶᠢᠨ ᠠᠵᠢᠯᠯᠠᠭᠠᠨ ᠤ ᠪᠦᠲᠦᠮᠵᠢᠲᠡᠶ ᠥᠷᠨᠢᠬᠦ ᠶᠢ ᠪᠠᠲᠤᠯᠠᠬᠤ ᠶᠢᠨ ᠲᠥᠯᠥᠭᠡ᠂ ᠰᠤᠷᠭᠠᠭᠤᠯᠢ ᠨᠢ ᠰᠤᠷᠭᠠᠭᠤᠯᠢ ᠶᠢᠨ ᠵᠠᠬᠢᠷᠤᠯ ᠢᠶᠠᠷ ᠲᠤᠭᠤᠶᠢᠯᠠᠩ ᠤᠨ ᠳᠠᠷᠤᠭ᠎ᠠ ᠪᠣᠯᠭᠠᠭᠰᠠᠨ ᠠᠵᠢᠯ ᠤᠨ ᠲᠤᠭᠤᠶᠢᠯᠠᠩ ᠢ ᠪᠠᠶᠢᠭᠤᠯᠵᠤ᠂ 12 ᠰᠠᠷ᠎ᠠ ᠶᠢᠨ 4 ᠤ ᠡᠳᠦᠷ᠂ ᠰᠤᠷᠭᠠᠭᠤᠯᠢ ᠶᠢᠨ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ︽ᠠᠵᠢᠯᠯᠠᠭᠠᠨ ᠤ ᠲᠥᠰᠦᠯ︾ ᠤᠨ ᠪᠣᠳᠠᠲᠠᠶ ᠱᠠᠭᠠᠷᠳᠠᠯᠭ᠎ᠠ ᠶᠣᠰᠣᠭᠠᠷ᠂ ᠲᠣᠭᠲᠠᠭᠰᠠᠨ ᠬᠤᠭᠤᠴᠠᠭᠠᠨ ᠳᠤ ᠡᠯ᠎ᠡ ᠵᠦᠢᠯ ᠤᠨ ᠠᠵᠢᠯᠯᠠᠭᠠᠨ ᠦᠷᠨᠢᠬᠦᠯᠦᠨ᠂ ᠪᠦᠬᠦ ᠰᠤᠷᠭᠠᠭᠤᠯᠢ ᠶᠢᠨ ᠪᠠᠭᠰᠢ ᠰᠤᠷᠤᠭᠴᠢᠳ ᠲᠣᠰ ᠤᠳᠠᠭ᠎ᠠ ᠶᠢᠨ ᠠᠵᠢᠯᠯᠠᠭᠠᠨ ᠤ ᠳᠤᠮᠳᠠ ᠶᠡᠬᠡᠬᠡᠨ ᠤᠯᠤᠯᠳᠠ ᠲᠦᠷᠦᠭᠳᠡᠯ ᠲᠠᠢ ᠪᠠᠶᠢᠵᠤ᠂ ᠦᠨᠳᠦᠰᠦᠨ ᠬᠠᠤᠯᠢ ᠨᠢ ᠤᠯᠤᠰ ᠤᠨ ᠦᠨᠳᠦᠰᠦᠨ ᠶᠡᠭᠡ ᠬᠠᠤᠯᠢ ᠪᠣᠯᠤᠭᠰᠠᠨ ᠤ ᠬᠤᠪᠢ ᠳᠠᠬᠢ ᠴᠢᠬᠤᠯᠠ ᠴᠢᠨᠠᠷ ᠪᠣᠯᠤᠨ ︽ᠤᠯᠤᠰ ᠤᠨ ᠦᠨᠳᠦᠰᠦᠨ ᠬᠠᠤᠯᠢ ᠡᠳᠦᠷ︾ ᠢ ᠲᠤᠭᠳᠠᠭᠠᠬᠤ ᠶᠢᠨ ᠦᠨᠳᠦᠰᠦᠨ ᠠᠴᠢ ᠬᠤᠯᠪᠣᠭᠳᠠᠯ ᠢ ᠦᠢᠯᠠᠭᠠᠭᠰᠠᠨ ᠪᠠᠶᠢᠨ᠎ᠠ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号