︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ | ᠰᠡᠳᠦᠪᠲᠦ ᠬᠥᠮᠦᠵᠢᠯ ᠤᠨ ᠥᠷᠨᠢᠯᠲᠡ ᠶᠢ ᠭᠦᠨᠵᠡᠭᠡᠶ ᠠᠬᠢᠭᠤᠯᠬᠤ ᠶᠢᠨ ᠲᠥᠯᠥᠭᠡ᠂ ︽ᠬᠠᠷᠢᠯᠴᠠᠨ ᠰᠤᠷᠤᠯᠴᠠᠬᠤ᠂ | ᠬᠠᠷᠢᠯᠴᠠᠨ ᠦᠨᠡᠯᠡᠬᠦ᠂ ᠬᠠᠷᠢᠯᠴᠠᠨ ᠰᠤᠷᠪᠤᠯᠵᠢᠯᠠᠬᠤ︾ ᠠᠵᠢᠯᠯᠠᠭᠠᠨ ᠤ ᠰᠤᠷᠪᠤᠯᠵᠢᠯᠠᠨ ᠰᠤᠷᠤᠯᠴᠠᠬᠤ | ᠱᠠᠭᠠᠷᠳᠠᠯᠭ᠎ᠠ ᠲᠠᠢ ᠤᠶᠠᠯᠳᠤᠭᠤᠯᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠤᠯᠠᠮ ᠴᠢᠨᠠᠭᠰᠢᠳᠠ | ᠵᠤᠷᠢᠭᠵᠢᠭᠤᠯᠤᠨ᠂ ᠰᠢᠨ᠎ᠡ ᠪᠠᠶᠢᠳᠠᠯ ᠳᠤ ᠬᠠᠨᠳᠤᠵᠤ᠂ ᠰᠢᠨ᠎ᠡ ᠥᠷᠢᠰᠥᠯᠳᠦᠭᠡᠨ ᠢ ᠤᠭᠲᠤᠵᠤ᠂ ᠠᠵᠢᠯ ᠤᠨ | ᠪᠠᠶᠢᠷᠢ ᠳᠠᠭᠠᠨ ᠰᠠᠭᠤᠷᠢᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠨ᠎ᠠ᠃ 11 ᠰᠠᠷ᠎ᠠ ᠶᠢᠨ | 20 ᠤ ᠡᠳᠦᠷ᠂ ᠭᠤᠸᠠᠨᠳᠢ ᠪᠠᠯᠭᠠᠰᠤᠨ ᠤ ᠨᠠᠮ ᠤᠨ ᠬᠤᠷᠢᠶ᠎ᠠ ᠲᠣᠰ ᠭᠠᠵᠠᠷ ᠤᠨ ᠬᠥᠭᠵᠢᠯᠲᠡ ᠶᠢᠨ ᠣᠨᠴᠠᠯᠢᠭ ᠠᠴᠠ | ᠡᠭᠦᠰᠴᠦ᠂ ︽5531︾ ᠬᠥᠭᠵᠢᠯᠲᠡ ᠶᠢᠨ ᠲᠥᠯᠥᠪᠵᠢᠭᠦᠯᠭᠡ ᠲᠠᠢ ᠨᠢᠭᠳᠠ ᠤᠶᠠᠯᠳᠤᠭᠤᠯᠤᠨ᠂ ᠪᠠᠯᠭᠠᠰᠤ᠂ | ᠲᠣᠰᠬᠤᠨ ᠬᠤᠶᠠᠷ ᠱᠠᠲᠤᠨ ᠤ ᠺᠠᠳ᠋ᠷ ᠢ ᠵᠣᠬᠢᠶᠠᠨ ᠪᠠᠢᠭᠤᠯᠵᠤ ᠾᠧᠩ ᠭᠤᠸᠠᠩ ᠪᠦᠯᠦᠭᠯᠡᠯ ᠤᠨ ᠡᠮ ᠤᠨ ᠦᠢᠯᠡᠰ ᠤᠨ | ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠱᠡᠬᠡᠷᠳᠦ ᠰᠢᠶᠠᠩ ᠤᠨ ᠬᠢᠲᠠᠳ ᠡᠪᠡᠰᠦᠨ ᠡᠮ ᠤᠨ ᠠᠵᠤ ᠦᠢᠯᠡᠰ | ᠪᠠ ᠲᠥᠬᠦᠭᠡᠷᠦᠮᠵᠢᠲᠦ ᠲᠠᠷᠢᠶᠠᠯᠠᠩ ᠵᠡᠷᠭᠡ ᠶᠢᠨ ᠲᠣᠭᠤᠷᠢᠨ ᠳᠤ ᠰᠢᠨᠵᠢᠯᠡᠨ ᠪᠠᠶᠢᠴᠠᠭᠠᠵᠤ ᠰᠤᠷᠤᠯᠴᠠᠪᠠ᠃ | ᠲᠣᠰ ᠤᠳᠠᠭ᠎ᠠ ᠶᠢᠨ ᠰᠢᠨᠵᠢᠯᠡᠨ ᠪᠠᠶᠢᠴᠠᠭᠠᠵᠤ ᠰᠤᠷᠤᠯᠴᠠᠬᠤ ᠬᠡᠰᠢᠬᠦᠳ ᠨᠢ ᠲᠣᠰᠬᠤᠨ ᠤ ᠨᠠᠮ ᠤᠨ | ᠡᠭᠦᠷ ᠤᠨ ᠬᠤᠶᠠᠷ ᠬᠡᠰᠢᠬᠦᠨ ᠠᠴᠠ ᠭᠠᠳᠠᠨ᠎ᠠ᠂ ᠨᠠᠩ ᠣᠯᠠᠨ ᠨᠢ ᠲᠠᠷᠢᠵᠤ ᠲᠡᠵᠢᠭᠡᠬᠦ ᠲᠣᠮᠣ ᠡᠷᠦᠬᠡ᠂ ᠪᠠᠶᠠᠵᠢᠯ ᠤᠨ | ᠴᠢᠳᠠᠪᠤᠷᠢᠲᠠᠨ ᠪᠣᠯᠤᠨ᠎ᠠ᠃ ᠰᠢᠨᠵᠢᠯᠡᠨ ᠪᠠᠶᠢᠴᠠᠭᠠᠵᠤ ᠰᠤᠷᠤᠯᠴᠠᠬᠤ ᠲᠤᠮᠳᠠ ᠬᠢᠲᠠᠳ ᠡᠪᠡᠰᠦᠨ ᠡᠮ ᠲᠠᠷᠢᠬᠤ ᠪᠠ | ᠲᠥᠬᠦᠭᠡᠷᠦᠮᠵᠢᠲᠦ ᠲᠠᠷᠢᠶᠠᠯᠠᠩ ᠤᠨ ᠮᠡᠷᠭᠡᠵᠢᠯ ᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ ᠰᠤᠷᠤᠯᠴᠠᠨ᠂ | ᠰᠤᠷᠤᠯᠴᠠᠯᠭ᠎ᠠ ᠶᠢᠨ ᠦᠷ᠎ᠡ ᠪᠦᠲᠦᠮᠵᠢ ᠪᠠ ᠶᠠᠰᠤ ᠴᠢᠨᠠᠷ ᠢ ᠦᠨᠡᠩᠬᠦ ᠲᠡᠭᠡᠭᠰᠢᠯᠡᠬᠦᠯᠵᠠᠢ᠃ ︽ᠭᠠᠳᠠᠭᠰᠢ ᠭᠠᠷᠬᠤ᠂ | ᠰᠤᠷᠴᠤ ᠡᠵᠡᠮᠰᠢᠬᠦ᠂ ᠬᠡᠷᠡᠭᠯᠡᠬᠦ︾ ᠦᠢᠯᠠᠭᠠᠭᠳᠠᠬᠤᠨ ᠢ ᠪᠠᠷᠢᠮᠲᠠᠯᠠᠵᠤ᠂ ᠲᠣᠰ ᠤᠳᠠᠭᠠᠨ ᠤ ᠲᠤᠭᠤᠷᠢᠨ ᠪᠠᠶᠢᠴᠠᠭᠠᠬᠤ | ᠰᠤᠷᠤᠯᠴᠠᠯᠭ᠎ᠠ ᠶᠢᠨ ᠳᠤᠮᠳᠠᠬᠢ ᠰᠠᠶᠢᠨ ᠠᠷᠭ᠎ᠠ᠂ ᠰᠠᠶᠢᠨ ᠲᠤᠷᠰᠢᠯᠭ᠎ᠠ᠂ ᠰᠠᠶᠢᠨ ᠰᠡᠳᠬᠢᠮᠵᠢ ᠶᠢ ᠲᠣᠰ ᠪᠠᠯᠭᠠᠰᠤ | ᠲᠣᠰ ᠲᠣᠰᠬᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠰᠤᠷᠤᠭᠰᠠᠨ ᠢᠶᠠᠨ ᠬᠡᠷᠡᠭᠯᠡᠵᠦ᠂ ᠦᠨᠡᠨ ᠢ | ᠪᠠᠷᠢᠮᠲᠠᠯᠠᠨ ᠪᠣᠳᠠᠲᠠᠶ ᠶᠢ ᠡᠷᠬᠢᠮᠯᠡᠬᠦ ᠠᠵᠢᠯᠯᠠᠭ᠎ᠠ ᠪᠠᠷ ᠭᠤᠤᠯ ᠰᠡᠳᠦᠪᠲᠦ ᠬᠥᠮᠦᠵᠢᠯ ᠢ ᠪᠣᠳᠠᠲᠠᠶ ᠳᠤ | ᠨᠠᠢᠳᠠᠪᠤᠷᠢᠵᠢᠭᠤᠯᠬᠤ᠂ ᠭᠤᠸᠠᠨᠳᠢ ᠪᠠᠯᠭᠠᠰᠤ ᠶᠢᠨ ᠠᠵᠤ ᠠᠬᠤᠶ ᠨᠡᠶᠢᠬᠡᠮ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠤᠨ᠎ᠠ᠃ | |