ᠭᠤᠸᠠᠨᠳᠢ ᠪᠠᠯᠭᠠᠰᠤ ᠴᠠᠭ ᠦᠶ᠎ᠡ ᠶᠢᠨ ᠦᠯᠢᠭᠡᠷ ᠳᠠᠭᠤᠷᠢᠶᠠᠯ ᠬᠤᠸᠠᠩ ᠸᠧᠨ ᠰᠢᠤ᠂ ᠪᠦᠬᠦ ᠤᠯᠤᠰ ᠤᠨ ᠰᠢᠯᠢᠳᠡᠭ ᠨᠠᠮ ᠤᠨ ᠭᠡᠰᠢᠭᠦᠨ ᠵᠠᠩ ᠹᠦ᠋ ᠴᠢᠩ ᠤᠨ ᠲᠡᠷᠢᠭᠦᠨ ᠤ ᠦᠢᠯᠡ ᠠᠵᠢᠯᠯᠠᠭ᠎ᠠ ᠶᠢ ᠰᠤᠷᠤᠯᠴᠠᠬᠤ ᠠᠵᠢᠯᠯᠠᠭᠠᠨ ᠵᠤᠬᠢᠶᠠᠨ ᠪᠠᠶᠢᠭᠤᠯᠪᠠ
ᠨᠡᠶᠢᠲᠡᠯᠡᠭᠰᠡᠨ ᠴᠠᠭ᠄
2019-12-18
           ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠬᠤ ᠶᠢᠨ ᠲᠥᠯᠥᠭᠡ᠂ ᠦᠢᠷ᠎ᠠ ᠳᠤ᠂ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠦᠨᠳᠦᠰᠦᠯᠡᠨ᠂ ᠡᠯ᠎ᠡ ᠵᠠᠰᠠᠭ ᠵᠠᠬᠢᠷᠭᠠᠨ ᠤ ᠲᠣᠰᠬᠤᠨ ᠪᠦᠬᠦ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ᠴᠠᠭ ᠦᠶ᠎ᠡ ᠶᠢᠨ ᠦᠯᠢᠭᠡᠷ ᠳᠠᠭᠤᠷᠢᠶᠠᠯ ᠬᠤᠸᠠᠩ ᠸᠧᠨ ᠰᠢᠤ᠂ ᠰᠢᠯᠢᠳᠡᠭ ᠨᠠᠮ ᠤᠨ ᠭᠡᠰᠢᠭᠦᠨ ᠵᠠᠩ ᠹᠦ᠋ ᠴᠢᠩ ᠤᠨ ᠲᠡᠷᠢᠭᠦᠨ ᠤ ᠦᠢᠯᠡ ᠠᠵᠢᠯᠯᠠᠭ᠎ᠠ ᠶᠢ ᠰᠤᠷᠤᠯᠴᠠᠪᠠ᠃ ᠡᠩ ᠲᠡᠷᠢᠭᠦᠨ ᠳᠤ ᠲᠧᠯᠸᠢᠰ ᠰᠢᠩᠬᠡᠬᠡᠯᠳᠠ ᠦᠵᠡᠬᠦ ᠠᠷᠭ᠎ᠠ ᠬᠡᠯᠪᠡᠷᠢ ᠪᠠᠷ ᠬᠤᠸᠠᠩ ᠸᠧᠨ ᠰᠢᠤ᠂ ᠵᠠᠩ ᠹᠦ᠋ ᠴᠢᠩ ᠨᠥᠬᠦᠷ ᠤᠨ ᠲᠡᠷᠢᠭᠦᠨ ᠤ ᠦᠢᠯᠡ ᠠᠵᠢᠯᠯᠠᠭ᠎ᠠ ᠶᠢ ᠰᠤᠷᠤᠯᠴᠠᠪᠠ᠃ ᠬᠤᠸᠠᠩ ᠸᠧᠨ ᠰᠢᠤ ᠨᠥᠬᠦᠷ ᠠᠰᠫᠢᠷᠠᠨᠲ ᠢᠶᠠᠨ ᠲᠡᠭᠦᠰᠦᠭᠰᠡᠨ ᠤ ᠳᠠᠷᠠᠭ᠎ᠠ᠂ ᠶᠡᠭᠡ ᠬᠤᠲᠠ ᠶᠢᠨ ᠠᠵᠢᠯᠯᠠᠬᠤ ᠲᠣᠬᠢᠶᠠᠯ ᠢ ᠲᠠᠶᠠᠭᠳᠠᠵᠤ᠂ ᠡᠷᠡᠰ ᠰᠢᠭᠤᠷᠬᠠᠶ ᠪᠠᠷ ᠨᠤᠲᠤᠭ ᠲᠠᠭᠠᠨ ᠪᠤᠴᠠᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠣᠷᠣᠯᠴᠠᠵᠤ᠂ ᠬᠤᠪᠢ ᠪᠡᠶ᠎ᠡ ᠪᠠᠨ ᠵᠣᠷᠢᠭᠤᠯᠪᠠ᠃ ᠠᠬᠠᠮᠠᠳ ᠪᠠᠭᠠᠲᠤᠷ ᠵᠠᠩ ᠹᠦ᠋ ᠴᠢᠩ 60 ᠭᠠᠷᠤᠶ ᠵᠢᠯ ᠤᠨ ᠲᠤᠷᠰᠢ ᠠᠯᠳᠠᠷ ᠨᠡᠷ᠎ᠡ ᠪᠠᠨ ᠨᠢᠭᠤᠵᠤ᠂ ᠴᠡᠷᠢᠭ ᠠᠩᠭᠢ ᠳᠠᠭᠠᠨ ᠤᠯᠤᠰ ᠭᠡᠷ ᠢᠶᠠᠨ ᠬᠠᠮᠠᠭᠠᠯᠠᠵᠤ᠂ ᠣᠷᠣᠨ ᠨᠤᠲᠤᠭ ᠲᠤ ᠬᠦᠷᠴᠦ᠂ ᠠᠷᠠᠳ ᠲᠦᠮᠡᠨ ᠳᠤ ᠪᠤᠶᠠᠨ ᠦᠢᠯᠡᠳᠴᠤ᠂ ᠨᠠᠰᠤᠨ ᠲᠤᠷᠰᠢᠳᠠ ᠪᠠᠨ ᠤᠭ ᠰᠠᠨᠠᠭ᠎ᠠ ᠪᠠᠨ ᠪᠠᠲᠤ ᠰᠠᠬᠢᠵᠤ᠂ ᠥᠪᠡᠷ ᠤᠨ ᠡᠭᠡᠯ ᠪᠣᠷᠣᠭᠵᠢᠭᠤᠨ ᠴᠡᠪᠡᠷ ᠠᠷᠢᠭᠤᠨ᠂ ᠨᠡᠷ᠎ᠡ ᠠᠰᠢᠭ ᠢ ᠦᠯᠦ ᠬᠠᠶᠢᠬᠤᠷᠬᠤ ᠵᠠᠩ ᠴᠢᠨᠠᠷ ᠢᠶᠠᠷ ᠠᠮᠢᠳᠤᠷᠠᠯ ᠢᠶᠠᠨ ᠪᠢᠴᠢᠭᠯᠡᠪᠡ᠃ ᠲᠡᠳᠡ ᠪᠣᠯ ᠴᠥᠮ ︽ᠠᠷᠠᠳ ᠲᠦᠮᠡᠨ ᠢᠶᠠᠷ ᠭᠤᠤᠯ ᠪᠣᠯᠭᠠᠬᠤ︾ ᠬᠥᠭᠵᠢᠯᠲᠡ ᠶᠢᠨ ᠦᠢᠯᠠᠭᠠᠭᠳᠠᠬᠤᠨ ᠢ ᠦᠢᠯᠡᠳᠦᠯᠬᠡᠵᠢᠬᠦᠯᠬᠦ ᠪᠠ ᠠᠮᠢ ᠬᠤᠪᠢ ᠪᠠᠨ ᠪᠣᠳᠣᠬᠤ ᠦᠭᠡᠢ᠂ ᠭᠤᠶᠠᠴᠢ ᠦᠭᠡᠢ ᠵᠢᠳᠬᠦᠬᠦ᠂ ᠰᠢᠨ᠎ᠡ ᠴᠠᠭ ᠦᠶ᠎ᠡ ᠶᠢᠨ ᠨᠠᠮ ᠤᠨ ᠭᠡᠰᠢᠭᠦᠨ ᠺᠠᠳ᠋ᠷᠴᠤᠳ ᠤᠨ ᠰᠤᠷᠤᠯᠴᠠᠬᠤ ᠠᠮᠢᠳᠤᠯᠢᠭ ᠳᠠᠭᠤᠷᠢᠶᠠᠯ ᠮᠥᠨ᠃            ᠣᠯᠠᠨ ᠢᠶᠠᠷ ᠢᠶᠠᠨ᠂ ᠲᠡᠷᠢᠭᠦᠨ ᠤ ᠬᠢ ᠠᠴᠠ ᠰᠤᠷᠤᠯᠴᠠᠨ᠂ ᠲᠡᠷᠢᠭᠦᠨ ᠤ ᠬᠢ ᠶᠢ ᠬᠥᠭᠡᠭᠡᠴᠡᠯᠳᠦᠵᠦ᠂ ᠨᠠᠩ ᠥᠨᠳᠥᠷ ᠪᠠᠷᠢᠮᠵᠢᠶ᠎ᠠ᠂ ᠨᠠᠩ ᠪᠣᠳᠠᠲᠠᠶ ᠰᠤᠷᠲᠠᠯ᠂ ᠨᠠᠩ ᠶᠡᠭᠡ ᠡᠷᠴᠢ ᠵᠣᠷᠢᠭ ᠢᠶᠠᠷ ᠲᠤᠬᠠᠶᠢᠯᠠᠭᠰᠠᠨ ᠠᠵᠢᠯ  ᠢᠶᠠᠨ ᠰᠠᠶᠢᠨ ᠬᠢᠵᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠠᠨ᠎ᠠ ᠭᠡᠵᠦ ᠢᠯᠡᠳᠬᠡᠵᠡᠭᠡᠪᠡ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号