ᠯᠢᠨᠰᠢ ᠰᠢᠶᠠᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-12-18
        12 ᠰᠠᠷ᠎ᠠ ᠶᠢᠨ 15 ᠤ ᠦᠳᠡ ᠶᠢᠨ ᠬᠤᠶᠢᠨ᠎ᠠ᠂ ᠰᠢᠶᠠᠨ ᠤ ᠵᠠᠰᠠᠭ ᠤᠨ ᠤᠷᠳᠤᠨ ᠤ ᠳᠡᠳ᠋ ᠳᠠᠷᠤᠭ᠎ᠠ ᠯᠢᠦ ᠵᠢᠩ ᠫᠧᠩ ᠯᠢᠨᠰᠢ ᠰᠢᠶᠠᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠶᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠷᠠᠯ ᠳᠡᠭᠡᠷ᠎ᠡ ᠥᠪᠡᠷᠲᠡᠭᠡᠨ ᠵᠠᠰᠠᠬᠤ ᠣᠷᠣᠨ ᠪᠣᠯᠤᠨ ᠤᠯᠠᠭᠠᠨᠬᠠᠳᠠ ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠦᠢᠷ᠎ᠠ ᠶᠢᠨ ᠬᠤᠭᠤᠴᠠᠭᠠᠨ ᠤ ᠰᠢᠶᠠᠨ ᠤ ᠶᠠᠳᠠᠭᠤ ᠶᠢ ᠲᠡᠳᠬᠦᠬᠦ ᠭᠤᠤᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ ᠡᠯ᠎ᠡ ᠰᠢᠶᠠᠩ ᠪᠠᠯᠭᠠᠰᠤ ᠪᠣᠯᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠲᠤᠭᠤᠶᠢᠯᠠᠩ ᠤᠨ ᠪᠦᠷᠢᠯᠳᠦᠬᠦᠨ ᠨᠢᠬᠡᠴᠢ ᠬᠢᠨᠠᠨ ᠰᠢᠯᠭᠠᠬᠤ ᠠᠵᠢᠯ ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠯᠠᠮᠠᠶᠢᠷᠠᠨ ᠲᠠᠶᠢᠪᠤᠰᠢᠷᠠᠬᠤ ᠦᠵᠡᠯ ᠰᠠᠨᠠᠭ᠎ᠠ ᠪᠣᠯᠤᠨ ᠬᠤᠶᠢᠷᠭᠤᠰᠢᠬᠤ ᠰᠡᠳᠬᠢᠯᠭᠡ ᠶᠢ ᠡᠷᠡᠰ ᠬᠤᠷᠢᠭᠯᠠᠵᠤ᠂ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠡᠵᠡᠮᠳᠡᠵᠦ᠂ ᠠᠵᠢᠯ ᠤᠨ ᠨᠠᠷᠢᠨ ᠵᠦᠢᠯᠡᠰ ᠢ ᠰᠠᠶᠢᠲᠤᠷ ᠠᠳᠬᠤᠵᠤ᠂  ᠶᠠᠳᠠᠭᠤ ᠠᠴᠠ ᠠᠩᠭᠢᠵᠢᠷᠠᠭᠤᠯᠬᠤ ᠬᠠᠮᠤᠭ ᠤᠨ ᠰᠠᠶᠢᠨ ᠠᠵᠢᠯ ᠤᠨ ᠪᠠᠶᠢᠳᠠᠯ ᠢᠶᠠᠷ ᠡᠯ᠎ᠡ ᠵᠦᠢᠯ ᠤᠨ ᠬᠢᠨᠠᠨ ᠰᠢᠯᠭᠠᠯᠲᠠ ᠶᠢ ᠤᠭᠲᠤᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号