11 ᠰᠠᠷ᠎ᠠ ᠶᠢᠨ 27 ᠤ ᠡᠳᠦᠷ᠂ ᠯᠢᠨᠰᠢ ᠰᠢᠶᠠᠨ E T C ᠶᠢ ᠲᠠᠷᠬᠠᠭᠠᠵᠤ ᠳᠡᠯᠭᠡᠷᠡᠭᠦᠯᠬᠦ ᠠᠵᠢᠯ ᠢ | ᠳᠠᠬᠢᠨ ᠪᠠᠶᠢᠷᠢᠯᠠᠭᠤᠯᠬᠤ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ | E T C ᠲᠠᠷᠬᠠᠭᠠᠯᠲᠠ ᠶᠢ ᠲᠦᠷᠭᠡᠳᠬᠡᠨ ᠠᠬᠢᠭᠤᠯᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ E T C ᠲᠠᠷᠬᠠᠭᠠᠯᠲᠠ ᠶᠢᠨ ᠲᠤᠰᠬᠠᠶ ᠠᠵᠢᠯ ᠢ ᠤᠯᠠᠮ ᠴᠢᠨᠠᠭᠰᠢᠳᠠ | ᠲᠤᠬᠢᠷᠠᠭᠤᠯᠤᠨ ᠪᠠᠶᠢᠷᠢᠯᠠᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠵᠠᠰᠠᠭ ᠤᠨ | ᠣᠷᠳᠣᠨ ᠤ ᠳᠠᠷᠤᠭ᠎ᠠ ᠹᠦ᠋ ᠱᠸᠤ ᠯᠢ᠂ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠷᠧᠨ ᠬᠠᠢ ᠬᠤᠷᠠᠯ ᠳᠤ | ᠣᠷᠣᠯᠴᠠᠪᠠ᠃ | | | | | | | | | | | | ᠹᠦ᠋ ᠱᠧᠤ ᠯᠢ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠂ ᠮᠠᠨ ᠤ ᠰᠢᠶᠠᠨ E T C ᠢ ᠲᠠᠷᠬᠠᠭᠠᠨ | ᠳᠡᠯᠭᠡᠷᠡᠭᠦᠯᠬᠦ ᠠᠵᠢᠯ ᠢ ᠰᠠᠶᠢᠲᠤᠷ ᠬᠢᠬᠦ ᠳᠤ ᠨᠢᠭᠡ ᠳᠤ᠂ ᠤᠯᠤᠰ ᠲᠥᠷᠥ ᠶᠢᠨ ᠠᠵᠢᠯ ᠢ ᠳᠡᠭᠡᠭᠰᠢᠯᠡᠭᠦᠯᠵᠦ᠂ E T | C ᠢ ᠳᠡᠯᠭᠡᠷᠡᠭᠦᠯᠦᠨ ᠲᠠᠷᠬᠠᠭᠠᠬᠤ ᠠᠵᠢᠯ ᠢ ᠴᠢᠩᠭᠠᠳᠬᠠᠬᠤ ᠬᠡᠷᠡᠭᠲᠡᠶ᠃ ᠬᠤᠶᠠᠷ ᠲᠤ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠳᠣᠪᠤᠶᠢᠯᠭᠠᠨ᠂ E T C ᠶᠢᠨ ᠳᠡᠯᠭᠡᠷᠡᠭᠦᠯᠦᠨ ᠲᠠᠷᠬᠠᠭᠠᠬᠤ ᠠᠵᠢᠯ ᠢ ᠴᠢᠩᠭᠠᠳᠬᠠᠬᠤ | ᠬᠡᠷᠡᠭᠳᠠᠢ᠃ ᠭᠤᠷᠪᠠ ᠳᠤ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ E T C ᠢ ᠳᠡᠯᠭᠡᠷᠡᠭᠦᠯᠦᠨ | ᠲᠠᠷᠬᠠᠭᠠᠬᠤ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠬᠤ ᠬᠡᠷᠡᠭᠳᠠᠢ ᠬᠡᠵᠠᠢ᠃ | ᠬᠤᠷᠠᠯ ᠠᠴᠠ ᠪᠦᠬᠦ ᠬᠤᠲᠠ ᠶᠢᠨ E T C ᠲᠠᠷᠬᠠᠭᠠᠯᠲᠠ ᠶᠢᠨ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠵᠤ᠂ ᠮᠠᠨ ᠤ ᠰᠢᠶᠠᠨ ᠤ ︽ᠲᠦᠷᠭᠡᠨ ᠤ ᠵᠠᠮ ᠤᠨ E T C ᠲᠠᠷᠬᠠᠭᠠᠯᠲᠠ ᠶᠢ ᠳᠡᠯᠭᠡᠷᠡᠭᠦᠯᠬᠦ | ᠠᠵᠢᠯ ᠢ ᠴᠢᠨᠠᠭᠰᠢᠳᠠ ᠲᠦᠷᠭᠡᠳᠬᠡᠨ ᠠᠬᠢᠭᠤᠯᠬᠤ ᠲᠤᠬᠠᠶ ᠬᠡᠷᠡᠭᠵᠢᠭᠦᠯᠬᠦ ᠲᠥᠰᠦᠯ︾ ᠢ ᠤᠩᠰᠢᠨ ᠨᠡᠢᠲᠡᠯᠡᠪᠡ᠃ | ᠰᠢᠶᠠᠨ ᠤ ᠰᠢᠭᠤᠳ ᠬᠠᠷᠢᠶ᠎ᠠ ᠡᠯ᠎ᠡ ᠬᠡᠯᠳᠡᠰ ᠠᠯᠪᠠᠨ ᠭᠡᠷ ᠲᠣᠪᠴᠢᠶ᠎ᠠ᠂ ᠠᠵᠢᠯ ᠦᠢᠯᠡᠰ ᠤᠨ | ᠨᠢᠭᠡᠴᠡ ᠶᠢᠨ ᠭᠤᠤᠯ ᠬᠠᠷᠢᠭᠤᠴᠠᠯᠭᠠᠲᠠᠨ᠂ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠭᠤᠤᠯ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | |