ᠯᠢᠨᠰᠢ ᠰᠢᠶᠠᠨ ᠤ ᠠᠷᠠᠳ ᠤᠨ ᠰᠢᠭᠦᠬᠦ ᠬᠤᠷᠢᠶ᠎ᠠ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠳᠤ ᠬᠦᠷᠴᠦ ᠬᠠᠤᠯᠢ ᠶᠢᠨ ᠮᠡᠳᠡᠯᠬᠡ ᠶᠢ ᠰᠤᠷᠭᠠᠭᠤᠯᠢ ᠶᠢᠨ ᠬᠦᠷᠢᠶᠡᠨ ᠳᠤ ᠬᠦᠷᠬᠡᠬᠦ ᠠᠵᠢᠯᠯᠠᠭᠠᠨ ᠥᠷᠨᠢᠭᠦᠯᠪᠡ
ᠨᠡᠶᠢᠲᠡᠯᠡᠭᠰᠡᠨ ᠴᠠᠭ᠄
2019-12-04
         11 ᠰᠠᠷ᠎ᠠ ᠶᠢᠨ 29 ᠤ ᠡᠳᠦᠷ᠂ ᠯᠢᠨᠰᠢ ᠰᠢᠶᠠᠨ ᠤ ᠠᠷᠠᠳ ᠤᠨ ᠰᠢᠭᠦᠬᠦ ᠬᠤᠷᠢᠶ᠎ᠠ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠳᠤ ᠬᠦᠷᠴᠦ ᠬᠠᠤᠯᠢ ᠶᠢᠨ ᠮᠡᠳᠡᠯᠬᠡ ᠶᠢ ᠰᠤᠷᠭᠠᠭᠤᠯᠢ ᠶᠢᠨ ᠬᠦᠷᠢᠶᠡᠨ ᠳᠤ ᠬᠦᠷᠬᠡᠬᠦ ᠠᠵᠢᠯᠯᠠᠭᠠᠨ ᠥᠷᠨᠢᠭᠦᠯᠪᠡ᠃
        ᠠᠵᠢᠯᠯᠠᠭᠠᠨ ᠨᠢ ᠲᠠᠶᠢᠯᠤᠮᠵᠢ ᠬᠢᠬᠦ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ ᠵᠢᠴᠢ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ ᠲᠠᠷᠬᠠᠭᠠᠬᠤ ᠠᠷᠭ᠎ᠠ ᠬᠡᠯᠪᠡᠷᠢ ᠪᠠᠷ ᠶᠠᠪᠤᠭᠳᠠᠵᠠᠶ᠃ ᠲᠠᠶᠢᠯᠤᠮᠵᠢ ᠳᠡᠭᠡᠷ᠎ᠡ᠂ ᠰᠢᠬᠦᠬᠦ ᠬᠤᠷᠢᠶ᠎ᠠ ᠶᠢᠨ ᠠᠵᠢᠯᠳᠠᠨ ᠠᠴᠠ ︽ᠨᠠᠰᠤᠨ ᠳᠤ ᠥᠯᠥ ᠬᠦᠷᠦᠭᠰᠡᠳ ᠤᠨ ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠬᠦ ᠬᠠᠤᠯᠢ︾ ᠶᠢᠨ ᠲᠣᠭᠤᠷᠢᠨ ᠳᠤ᠂ ᠭᠦᠨᠵᠡᠭᠡᠶ ᠮᠦᠷᠳᠡᠬᠡᠨ ᠳᠥᠭᠦᠮ ᠣᠶᠢᠯᠠᠭᠠᠮᠵᠢᠲᠠᠶ ᠪᠠᠷ ᠰᠤᠷᠤᠭᠴᠢᠳ ᠤᠨ ᠳᠡᠷᠭᠡᠳᠡ ᠡᠭᠦᠰᠦᠭᠰᠡᠨ ᠬᠡᠷᠡᠭ ᠤᠨ ᠵᠢᠱᠢᠶ᠎ᠡ ᠶᠢ ᠲᠠᠳᠠᠵᠤ᠂ ᠬᠡᠰᠡᠭ ᠵᠠᠯᠠᠭᠤᠴᠤᠳ ᠪᠠᠭᠠᠴᠤᠳ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠰᠢᠯᠲᠠᠭᠠᠨ ᠪᠠ ᠶᠠᠪᠤᠴᠠ ᠶᠢ ᠵᠠᠳᠠᠯᠤᠨ᠂ ᠰᠤᠷᠤᠭᠴᠢᠳ ᠢ ᠬᠠᠤᠯᠢ ᠴᠠᠭᠠᠵᠠ  ᠶᠢ ᠰᠠᠬᠢᠭᠰᠠᠨ᠂ ᠬᠢᠷᠢ ᠲᠡᠩᠴᠡᠭᠰᠡᠨ ᠠᠷᠠᠳ ᠢᠷᠭᠡᠨ ᠪᠤᠯᠬᠤ ᠶᠢ ᠵᠢᠯᠣᠭᠤᠳᠤᠨ ᠰᠤᠷᠭᠠᠪᠠ᠃       ᠰᠤᠷᠤᠭᠴᠢᠳ ᠠᠴᠠ᠂ ᠬᠠᠤᠯᠢ ᠶᠢᠨ ᠮᠡᠳᠡᠯᠬᠡ ᠶᠢ ᠰᠤᠷᠭᠠᠭᠤᠯᠢ ᠶᠢᠨ ᠬᠦᠷᠢᠶᠡᠨ ᠳᠤ ᠬᠦᠷᠬᠡᠬᠦ ᠠᠵᠢᠯᠯᠠᠭᠠᠨ ᠨᠢ ᠲᠡᠳᠡᠨ ᠤ ᠬᠠᠤᠯᠢ ᠶᠢ ᠰᠠᠬᠢᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠤᠯᠢ ᠶᠢ ᠮᠡᠳᠡᠬᠦ᠂ ᠬᠠᠤᠯᠢ ᠶᠢ ᠤᠶᠢᠯᠠᠭᠠᠬᠤ᠂ ᠬᠠᠤᠯᠢ ᠶᠢ ᠰᠠᠬᠢᠬᠤ ᠶᠢᠨ ᠴᠢᠬᠤᠯᠠ ᠴᠢᠨᠠᠷ ᠢ ᠲᠣᠳᠣᠷᠬᠠᠶᠢᠯᠠᠪᠠ ᠭᠡᠵᠦ ᠢᠯᠡᠳᠬᠡᠵᠡᠭᠡᠪᠡ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号