ᠯᠢᠨᠰᠢ ᠪᠠᠯᠭᠠᠰᠤ ︽ᠰᠣᠷᠤᠯᠴᠠᠯᠭ᠎ᠠ ᠬᠦᠮᠦᠵᠢᠯ ᠬᠦᠷᠭᠡᠬᠦ ᠬᠠᠶᠢᠷ᠎ᠠ ᠬᠠᠯᠠᠮᠵᠢ ᠬᠦᠷᠭᠡᠬᠦ︾ ᠠᠵᠢᠯᠯᠠᠭᠠᠨ ᠥᠷᠨᠢᠭᠦᠯᠪᠡ
ᠨᠡᠶᠢᠲᠡᠯᠡᠭᠰᠡᠨ ᠴᠠᠭ᠄
2019-12-04
        ᠦᠢᠷ᠎ᠠ ᠳᠤ᠂ ᠯᠢᠨᠰᠢ ᠪᠠᠯᠭᠠᠰᠤᠨ ᠤ ᠪᠣᠯᠪᠠᠰᠤᠨ ᠦᠢᠯᠡᠳᠦᠯᠬᠡ ᠶᠢᠨ ᠰᠠᠶᠢᠨ ᠳᠤᠷ᠎ᠠ ᠶᠢᠨ ᠦᠢᠯᠡᠴᠢᠯᠡᠬᠡᠨ ᠤ ᠠᠩᠭᠢ ᠰᠢᠨ ᠰᠢᠩ ᠲᠣᠰᠬᠤᠨ ᠳᠤ ᠢᠷᠡᠵᠦ᠂ ᠬᠥᠳᠡᠯᠵᠦ ᠪᠠᠷᠢᠬᠤ ᠳᠤ ᠳᠥᠭᠦᠮ ᠦᠭᠡᠢ ᠠᠬᠠᠮᠠᠳ ᠨᠠᠮ ᠤᠨ ᠭᠡᠰᠢᠭᠦᠨ ᠳᠤ ᠴᠢᠭᠯᠡᠭᠦᠯᠦᠨ ︽ ᠰᠤᠷᠤᠯᠴᠠᠯᠭ᠎ᠠ ᠬᠦᠮᠦᠵᠢᠯ ᠬᠦᠷᠭᠡᠬᠦ᠂ ᠬᠠᠶᠢᠷ᠎ᠠ ᠬᠠᠯᠠᠮᠵᠢ ᠬᠦᠷᠭᠡᠬᠦ︾ ᠠᠵᠢᠯᠯᠠᠭᠠᠨ ᠦᠷᠨᠢᠬᠦᠯᠪᠡ᠃
       ᠠᠬᠠᠮᠠᠳ ᠨᠠᠮ ᠤᠨ ᠭᠡᠰᠢᠭᠦᠨ ᠢ ᠬᠠᠪᠰᠤᠷᠤᠨ ᠭᠤᠤᠯ ᠰᠡᠳᠦᠪᠲᠦ ᠬᠥᠮᠦᠵᠢᠯ ᠤᠨ ᠬᠠᠮᠢᠶ᠎ᠠ ᠪᠦᠬᠦᠢ ᠮᠡᠳᠡᠯᠭᠡ ᠶᠢ ᠭᠦᠨᠵᠡᠭᠡᠶ ᠰᠤᠷᠤᠯᠴᠠᠨ ᠦᠢᠯᠠᠭᠠᠭᠤᠯᠬᠤ ᠶᠢᠨ ᠲᠥᠯᠥᠭᠡ᠂ ᠰᠠᠶᠢᠨ ᠲᠤᠷᠠᠴᠤᠳ ᠠᠬᠠᠮᠠᠳ ᠨᠠᠮ ᠤᠨ ᠭᠡᠰᠢᠭᠦᠨ ᠤ ᠭᠡᠷ ᠲᠤ ᠭᠦᠨᠵᠡᠭᠡᠶᠢᠷᠡᠵᠦ᠂ ᠲᠡᠳᠡᠨ ᠳᠤ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ︽ᠬᠠᠷᠮᠠᠨ ᠪᠢᠴᠢᠭ︾ ᠢ ᠬᠦᠷᠭᠡᠵᠦ ᠥᠭᠬᠦ ᠶᠢᠨ ᠬᠠᠮᠲᠤ ᠲᠡᠳᠡᠨᠠᠷ ᠲᠠᠢ ᠵᠣᠭᠤᠭ ᠳᠡᠯᠭᠡᠬᠦ ᠠᠷᠭ᠎ᠠ ᠬᠡᠯᠪᠡᠷᠢ ᠪᠠᠷ ᠨᠠᠮ ᠤᠨ ᠲᠥᠷᠦ ᠶᠢᠨ ᠪᠣᠳᠣᠯᠭ᠎ᠠ ᠶᠢᠨ ᠤᠨᠤᠯ ᠢ ᠤᠬᠠᠭᠤᠯᠤᠨ ᠲᠠᠶᠢᠯᠪᠤᠷᠢᠯᠠᠪᠠ᠃        ᠡᠭᠦᠨ ᠤ ᠬᠠᠮᠲᠤ ᠪᠠᠰᠠ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠴᠢᠨᠠᠭᠰᠢᠳᠠ ᠭᠦᠨᠵᠡᠭᠡᠶᠢᠷᠡᠭᠦᠯᠬᠦ ᠶᠢᠨ ᠲᠥᠯᠥᠭᠡ᠂ ᠰᠠᠶᠢᠨ ᠳᠤᠷ᠎ᠠ ᠶᠢᠨ ᠦᠢᠯᠡᠴᠢᠯᠡᠬᠡᠨ ᠤ ᠠᠩᠭᠢ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠤᠬᠠᠭᠤᠯᠭ᠎ᠠ ᠶᠢᠨ ᠦᠰᠦᠭ ᠲᠠᠢ ᠴᠤᠮᠤ ᠪᠣᠯᠤᠨ ᠴᠠᠭᠠᠨ ᠰᠠᠷ᠎ᠠ ᠶᠢᠨ ᠬᠤᠤᠰ ᠤᠶᠠᠩᠭ᠎ᠠ ᠶᠢ ᠠᠬᠠᠮᠠᠳ ᠨᠠᠮ ᠤᠨ ᠭᠡᠰᠢᠭᠦᠨ ᠳᠤ ᠬᠦᠷᠭᠡᠵᠦ᠂ ᠡᠳᠡᠭᠡᠷ ᠡᠳᠦᠷ ᠲᠣᠲᠤᠮ ᠤᠨ ᠡᠳ᠋ ᠪᠣᠳᠠᠰ ᠢᠶᠠᠷ ᠤᠬᠠᠭᠤᠯᠭ᠎ᠠ ᠶᠢᠨ ᠵᠠᠭᠤᠴᠢᠯᠠᠭᠤᠷ ᠪᠣᠯᠭᠠᠵᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠤᠬᠠᠭᠤᠯᠭ᠎ᠠ ᠶᠢ ᠥᠷᠨᠢᠭᠦᠯᠵᠦ᠂ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠲᠤᠰᠬᠠᠶ ᠲᠡᠮᠡᠴᠡᠯ ᠤᠨ ᠣᠶᠢᠯᠠᠭᠠᠬᠤ ᠨᠣᠷᠮ᠎ᠠ᠂ ᠠᠩᠬᠠᠷᠬᠤ ᠬᠡᠮᠵᠢᠶ᠎ᠡ ᠶᠢ ᠳᠡᠭᠡᠭᠰᠢᠯᠡᠭᠦᠯᠵᠡᠶ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号