ᠯᠢᠨᠰᠢ ᠰᠢᠶᠠᠨ ᠰᠣᠶᠣᠯ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠷᠬᠢᠯᠡᠵᠦ᠂ ᠽᠠᠶ ᠵᠢᠶᠠᠨ | ᠸᠧᠶ ᠫᠷᠤᠹᠧᠰᠰᠤᠷ ᠢ ᠤᠷᠢᠵᠤ ︽ᠰᠢᠨ᠎ᠡ ᠶᠢ ᠡᠭᠦᠳᠬᠦ ᠪᠠ ᠬᠠᠮᠲᠤ ᠪᠠᠷ ᠡᠳ᠋ᠯᠡᠬᠦ ᠂ ᠶᠤᠸᠠᠨ ᠵᠢᠶᠠ ᠲᠣᠰᠬᠤᠨ ᠤ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ︾ ᠬᠡᠬᠦ ᠲᠤᠰᠬᠠᠶ ᠰᠡᠳᠦᠪᠲᠦ ᠲᠠᠶᠢᠯᠤᠮᠵᠢ ᠬᠢᠯᠭᠡᠪᠡ᠃ | | | | | | | | | | | | ᠰᠢᠶᠠᠨ ᠤ ᠨᠠᠮ ᠤᠨ ᠬᠤᠷᠢᠶᠠᠨ ᠤ ᠱᠦᠵᠢ ᠲᠢᠶᠠᠨ ᠰᠢᠶᠠᠩ ᠼᠦᠨ᠂ ᠰᠢᠶᠠᠨ ᠤ ᠵᠠᠰᠠᠭ ᠤᠨ ᠣᠷᠳᠣᠨ ᠤ | ᠳᠠᠷᠤᠭ᠎ᠠ ᠹᠦ᠋ ᠱᠧᠤ ᠯᠢ ᠵᠡᠷᠭᠡ ᠰᠢᠶᠠᠨ ᠤ ᠤᠳᠤᠷᠢᠳᠤᠯᠭ᠎ᠠ ᠪᠣᠯᠪᠠᠰᠤᠷᠠᠯ ᠳᠤ ᠰᠠᠭᠠᠳᠠᠵᠤ᠂ ᠡᠯ᠎ᠡ ᠰᠠᠯᠠᠭ᠎ᠠ ᠮᠥᠴᠢᠷ᠂ | ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠤᠤᠯ ᠬᠠᠷᠢᠭᠤᠴᠠᠯᠭᠠᠲᠠᠨ ᠵᠢᠴᠢ ᠬᠡᠰᠡᠭ ᠵᠠᠰᠠᠭ ᠵᠠᠬᠢᠷᠭᠠᠨ ᠤ | ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠤ ᠡᠷᠬᠢᠯᠡᠭᠴᠢ ᠪᠣᠯᠪᠠᠰᠤᠷᠠᠯ ᠳᠤ ᠣᠷᠣᠯᠴᠠᠪᠠ᠃ | | | | | | | | | | | | | | | | | ᠽᠠᠶ ᠵᠢᠶᠠᠨ ᠸᠧᠶ ᠫᠷᠣᠹᠧᠰᠰᠣᠷ ᠪᠣᠯ ᠳᠤᠮᠳᠠᠳᠤ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠤᠸᠠᠨ ᠵᠢᠶᠠ ᠲᠣᠰᠬᠤᠨ ᠤ ᠰᠤᠳᠤᠯᠭᠠᠨ ᠤ ᠳᠤᠭᠤᠶᠢᠯᠠᠩ ᠤᠨ ᠬᠠᠷᠢᠭᠤᠴᠠᠯᠭᠠᠲᠠᠨ ᠪᠣᠯᠤᠨ᠎ᠠ᠂ | ᠤᠷᠲᠤ ᠬᠤᠭᠤᠴᠠᠭᠠᠨ ᠤ ᠲᠤᠷᠰᠢ ᠬᠥᠳᠡᠭᠡ ᠲᠣᠰᠬᠤᠨ ᠤ ᠵᠤᠭᠠᠴᠠᠯ᠂ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠳᠠ ᠪᠠ ᠭᠤᠷᠪᠠᠨ ᠲᠠᠷᠢᠶᠠᠯᠠᠩ ᠤᠨ ᠠᠰᠠᠭᠤᠳᠠᠯ ᠤᠨ ᠲᠤᠬᠠᠶ ᠰᠢᠨᠵᠢᠯᠡᠨ ᠪᠠᠶᠢᠴᠠᠭᠠᠯᠳᠠ ᠪᠠ | ᠰᠤᠳᠤᠯᠤᠯᠲᠠ ᠶᠢᠨ ᠲᠥᠯᠥᠭᠡ ᠴᠢᠷᠮᠠᠶᠢᠵᠤ᠂ ᠬᠥᠳᠡᠭᠡ ᠲᠣᠰᠬᠤᠨ ᠤ ᠵᠤᠭᠠᠴᠠᠯ ᠤᠨ ︽ᠬᠥᠳᠡᠭᠡ ᠲᠣᠰᠬᠤᠨ ᠤ | ᠠᠮᠢᠳᠤᠷᠠᠯ ᠤᠨ ᠶᠡᠷᠦᠩᠬᠡᠶᠢᠯᠡᠭᠰᠡᠨ ᠴᠣᠭᠴᠠ︾ ᠶᠢᠨ ᠵᠠᠭᠪᠤᠷ ᠢ ᠳᠤᠷᠠᠳᠴᠤ᠂ ᠰᠠᠨᠠᠭᠠᠴᠢᠯᠠᠨ᠂ ᠲᠡᠯᠬᠡᠷᠡᠬᠦᠯᠦᠭᠰᠡᠨ | ᠶᠤᠸᠠᠨ ᠵᠢᠶᠠ ᠲᠣᠰᠬᠤᠨ ᠤ ᠬᠥᠭᠵᠢᠯᠲᠡ ᠶᠢ ᠪᠡᠶᠡᠴᠢᠯᠠᠨ ᠦᠩᠬᠡᠷᠡᠬᠦᠯᠦᠭᠴᠢ ᠪᠠ ᠬᠡᠷᠡᠭᠴᠢᠯᠡᠭᠴᠢ ᠪᠣᠯᠤᠨ᠎ᠠ᠃ | ᠶᠤᠸᠠᠨ ᠵᠢᠶᠠ ᠲᠣᠰᠬᠤᠨ ᠪᠤᠯ ︽ᠭᠤᠸᠠᠨ ᠵᠦᠩ ᠨᠢᠭᠡᠳᠦᠭᠡᠷ ᠲᠣᠰᠬᠤᠨ︾ ᠬᠡᠵᠤ ᠨᠡᠷᠡᠶᠢᠳᠦᠭᠳᠡᠭᠰᠡᠨ ᠲᠦᠷᠦᠭᠦᠤ | ᠪᠦᠯᠦᠭ ᠪᠦᠬᠦ ᠤᠯᠤᠰ ᠤᠨ ᠬᠥᠳᠡᠭᠡ ᠲᠣᠰᠬᠤᠨ ᠤ ᠵᠤᠭᠠᠴᠠᠯ ᠤᠨ ᠭᠤᠤᠯᠳᠠᠯᠭ᠎ᠠ ᠲᠠᠢ ᠲᠣᠰᠬᠤᠨ ᠪᠣᠯᠤᠨ᠎ᠠ᠃ | ᠪᠣᠯᠪᠠᠰᠤᠷᠠᠯ ᠤᠨ ᠳᠤᠮᠳᠠ᠂ ᠽᠠᠶ ᠵᠢᠶᠠᠨ ᠸᠧᠶ ᠫᠷᠣᠹᠧᠰᠰᠣᠷ ᠣᠯᠠᠨ ᠵᠢᠯ ᠤᠨ ᠲᠤᠷᠰᠢᠬᠢ ᠪᠠ ᠦᠢᠯᠡᠳᠦᠯᠬᠡ ᠶᠢᠨ | ᠲᠤᠷᠰᠢᠯᠭ᠎ᠠ ᠲᠠᠢ ᠤᠶᠠᠯᠳᠤᠭᠤᠯᠵᠤ᠂ ᠳᠤᠮᠳᠠᠳᠤ ᠤᠯᠤᠰ ᠤᠨ ᠬᠥᠳᠡᠭᠡ ᠲᠣᠰᠬᠤᠨ ᠤ ᠵᠤᠭᠠᠴᠠᠯ ᠤᠨ ᠨᠠᠷᠠᠲᠤ | ᠲᠣᠰᠬᠤᠨ — ᠶᠤᠸᠠᠨ ᠵᠢᠶᠠ ᠲᠣᠰᠬᠤᠨ ᠢᠶᠠᠷ ᠦᠯᠢᠭᠡᠷ ᠵᠢᠱᠢᠶ᠎ᠡ ᠪᠣᠯᠭᠠᠵᠤ᠂ ᠶᠤᠸᠠᠨ ᠵᠢᠶᠠ ᠲᠣᠰᠬᠤᠨ ᠤ | ᠬᠥᠳᠡᠭᠡ ᠲᠣᠰᠬᠤᠨ ᠤ ᠵᠤᠭᠠᠴᠠᠯ ᠤᠨ ᠬᠥᠭᠵᠢᠯᠲᠡ ᠶᠢᠨ ᠶᠠᠪᠤᠴᠠ᠂ ᠦᠢᠯᠡᠳᠦᠯᠬᠡ ᠶᠢᠨ ᠰᠦᠪᠡᠭᠴᠢᠯᠡᠯᠲᠡ᠂ | ᠡᠵᠡᠩᠨᠡᠯᠲᠡ ᠶᠢᠨ ᠵᠠᠭᠪᠤᠷ᠂ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ ᠲᠤᠷᠰᠢᠯᠭ᠎ᠠ ᠵᠡᠷᠭᠡ ᠶᠢ ᠭᠦᠨᠵᠡᠭᠡᠶ | ᠲᠠᠶᠢᠯᠪᠤᠷᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠷᠭ᠎ᠠ ᠵᠠᠮ ᠢ ᠲᠣᠳᠣᠷᠬᠠᠶᠢᠯᠠᠨ ᠥᠭᠦᠯᠡᠪᠡ᠃ | ᠢᠯᠠᠩᠭᠤᠶ᠎ᠠ ︽ᠶᠤᠸᠠᠨ ᠵᠢᠶᠠ ᠲᠣᠰᠬᠤᠨ ᠤ ᠵᠠᠭᠪᠤᠷ︾ ᠤᠨ ᠲᠤᠬᠠᠶ ᠲᠠᠶᠢᠯᠤᠮᠵᠢ ᠨᠢ ᠨᠡᠯᠢᠶᠡᠳ ᠴᠢᠩᠭ᠎ᠠ | ᠬᠠᠨᠳᠤᠯᠭᠠᠲᠤ ᠴᠢᠨᠠᠷ᠂ ᠵᠢᠯᠣᠭᠤᠳᠬᠤ ᠴᠢᠨᠠᠷ ᠪᠠ ᠨᠥᠯᠥᠭᠡᠯᠡᠬᠦ ᠬᠦᠴᠦᠨ ᠲᠠᠢ ᠪᠠᠶᠢᠵᠤ᠂ ᠮᠠᠨ ᠤ ᠰᠢᠶᠠᠨ ᠤ ᠬᠥᠳᠡᠭᠡ | ᠲᠣᠰᠬᠤᠨ ᠤ ᠵᠤᠭᠠᠴᠠᠯ ᠢ ᠬᠥᠭᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠮᠠᠰᠢ ᠰᠠᠶᠢᠨ | ᠲᠣᠯᠢ ᠪᠣᠯᠬᠤ ᠠᠴᠢ ᠬᠤᠯᠪᠣᠭᠳᠠᠯ ᠲᠠᠢ ᠶᠤᠮ᠃ | ᠪᠣᠯᠪᠠᠰᠤᠷᠠᠯ ᠤᠨ ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠡᠯ᠎ᠡ | ᠰᠠᠯᠠᠭ᠎ᠠ ᠮᠥᠴᠢᠷ ᠲᠣᠰ ᠤᠳᠠᠭ᠎ᠠ ᠶᠢᠨ ᠲᠠᠶᠢᠯᠤᠮᠵᠢ ᠪᠠᠷ ᠠᠵᠠ ᠲᠣᠬᠢᠶᠠᠯ ᠪᠣᠯᠭᠠᠵᠤ᠂ ᠶᠤᠸᠠᠨ ᠵᠢᠶᠠ ᠲᠣᠰᠬᠤᠨ ᠤ | ᠲᠡᠷᠢᠭᠦᠨ ᠤ ᠲᠤᠷᠰᠢᠯᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠣᠯᠢᠳᠠᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠠᠵᠠ ᠲᠣᠬᠢᠶᠠᠯ ᠢ ᠪᠠᠲᠤ ᠡᠵᠡᠮᠳᠡᠵᠦ᠂ ᠳᠠᠪᠠᠭᠤᠯᠢᠭ ᠡᠬᠢ ᠪᠠᠶᠠᠯᠢᠭ ᠢ ᠢᠳᠡᠪᠬᠢᠲᠡᠢ ᠠᠭᠤᠳᠠᠯᠤᠨ᠂ | ᠬᠥᠭᠵᠢᠯᠲᠡ ᠶᠢᠨ ᠵᠠᠭᠪᠤᠷ ᠤᠨ ᠰᠢᠨ᠎ᠡ ᠶᠢ ᠡᠭᠦᠳᠴᠦ᠂ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠢ | ᠪᠤᠶᠢᠵᠢᠭᠤᠯᠬᠤ ᠬᠡᠷᠡᠭᠲᠡᠶ᠃ ᠵᠣᠷᠢᠭᠲᠠᠶ ᠪᠠᠷ ︽ᠰᠡᠳᠬᠢᠵᠤ︾᠂ ᠬᠥᠮᠦᠨ ᠳᠤ ᠪᠣᠳᠣᠭᠳᠠᠬᠤ ᠦᠭᠡᠢ᠂ ᠬᠥᠮᠦᠨ ᠤ | ᠬᠢᠭᠰᠡᠨ ᠦᠭᠡᠢ ᠵᠦᠢᠯ ᠢ ᠬᠢᠵᠤ᠂ ᠲᠣᠭᠲᠠᠮᠠᠯ ᠰᠡᠳᠬᠢᠬᠦᠶ ᠶᠢᠨ ᠬᠡᠪ ᠵᠠᠭᠪᠤᠷ ᠢ ᠲᠦᠢᠯᠪᠤᠷᠢᠲᠠᠶ ᠡᠪᠳᠡᠬᠦ ᠬᠡᠷᠡᠭᠲᠡᠶ︔ | ᠵᠣᠷᠢᠭᠲᠠᠶ ᠪᠠᠷ ︽ᠰᠢᠪᠲᠤᠯᠤᠯᠲᠠ︾ ᠬᠢᠵᠦ᠂ ᠰᠡᠳᠬᠢᠴᠡ ᠪᠠᠨ ᠰᠢᠨᠡᠴᠢᠯᠡᠵᠦ᠂ ᠤᠷᠢᠳᠠᠪᠠᠷ ᠬᠡᠷᠡᠭᠵᠢᠭᠦᠯᠵᠦ | ᠤᠷᠢᠳᠠᠪᠠᠷ ᠲᠤᠷᠰᠢᠵᠤ᠂ ᠲᠦᠷᠭᠡᠳᠬᠡᠨ ᠬᠡᠷᠡᠭᠵᠢᠭᠦᠯᠵᠦ᠂ ᠠᠯᠢ ᠲᠦᠷᠭᠡᠨ ᠢᠶᠠᠷ ᠠᠵᠢᠯᠯᠠᠭ᠎ᠠ ᠥᠷᠨᠢᠭᠦᠯᠬᠦ ᠬᠡᠷᠡᠭᠲᠡᠶ︔ | ︽ᠰᠤᠷᠤᠯᠴᠠᠬᠤ︾ ᠳᠠᠭᠠᠨ ᠴᠢᠳᠠᠮᠠᠭᠠᠶ ᠪᠠᠶᠢᠵᠤ᠂ ᠶᠤᠸᠠᠨ ᠵᠢᠶᠠ ᠲᠣᠰᠬᠤᠨ ᠤ ᠠᠮᠵᠢᠯᠲᠠ ᠣᠯᠤᠭᠰᠠᠨ ᠦᠯᠢᠭᠡᠷ | ᠵᠢᠱᠢᠶ᠎ᠡ ᠪᠠᠷ ᠬᠦᠢᠴᠡᠳ ᠲᠣᠯᠢ ᠪᠣᠯᠭᠠᠵᠤ᠂ ᠲᠡᠳᠡᠨ ᠤ ᠭᠤᠤᠯ ᠴᠢᠮᠥᠭᠡ᠂ ᠴᠢᠬᠤᠯᠠ ᠠᠭᠤᠯᠭ᠎ᠠ᠂ ᠰᠢᠨ᠎ᠡ ᠦᠵᠡᠯᠲᠡ᠂ | ᠰᠢᠨ᠎ᠡ ᠰᠡᠳᠬᠢᠴᠡ᠂ ᠰᠢᠨ᠎ᠡ ᠠᠷᠭ᠎ᠠ ᠶᠢ ᠰᠤᠷᠤᠯᠴᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢ ᠯᠠᠪᠳᠠᠭᠤᠨ ᠪᠠᠲᠤᠲᠠᠶ ᠠᠬᠢᠭᠤᠯᠤᠨ᠂ ᠪᠣᠯᠪᠠᠰᠤᠷᠠᠯ ᠰᠤᠷᠤᠯᠴᠠᠯᠭ᠎ᠠ ᠶᠢᠨ ᠦᠷ᠎ᠡ | ᠪᠦᠲᠦᠭᠡᠯ ᠢ ᠥᠪᠡᠷ ᠥᠪᠡᠷ ᠤᠨ ᠪᠣᠳᠠᠲᠠᠶ ᠠᠵᠢᠯ ᠳᠠᠭᠠᠨ ᠤᠯᠠᠷᠢᠭᠤᠯᠤᠨ ᠬᠡᠷᠡᠭᠯᠡᠬᠦ ᠬᠡᠷᠡᠭᠲᠡᠶ ᠬᠡᠵᠠᠢ᠃ | |