ᠬᠠᠷᠢᠶᠠᠲᠤ ᠣᠷᠣᠨ ᠤ ᠭᠠᠯ ᠤᠨ ᠠᠶᠤᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠪᠠᠲᠤᠯᠠᠬᠤ ᠶᠢᠨ | ᠲᠥᠯᠥᠭᠡ᠂ ᠰᠢᠨ ᠴᠧᠩᠽᠢ ᠲᠣᠮᠢᠯᠠᠭᠰᠠᠨ ᠰᠠᠯᠪᠤᠷᠢ ᠬᠠᠷᠢᠶᠠᠲᠤ ᠣᠷᠣᠨ ᠤ ᠪᠣᠳᠠᠲᠠᠶ ᠪᠠᠶᠢᠳᠠᠯ ᠲᠠᠢ ᠤᠶᠠᠯᠳᠤᠭᠤᠯᠤᠨ | ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠬᠡᠪᠡᠷ ᠬᠡᠷᠡᠭᠯᠡᠵᠦ᠂ ᠡᠪᠦᠯ ᠤᠨ ᠤᠯᠠᠷᠢᠯ ᠤᠨ ᠠᠮᠤᠷ ᠲᠦᠪᠰᠢᠨ ᠤ ︽ | ᠰᠡᠷᠭᠡᠶᠢᠯᠡᠯᠲᠡ ᠶᠢᠨ ᠬᠡᠷᠡᠮ︾ ᠢ ᠪᠥᠬᠦ ᠲᠠᠯ᠎ᠠ ᠪᠠᠷ ᠪᠠᠬᠢᠵᠡᠬᠦᠯᠪᠡ᠃ | ᠨᠢᠭᠡ᠂ ᠳᠠᠯᠳᠠ ᠭᠡᠮ ᠢ ᠵᠢᠭᠰᠠᠭᠠᠨ ᠪᠠᠶᠢᠴᠠᠭᠠᠬᠤ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ᠂ ᠰᠡᠷᠭᠡᠶᠢᠯᠡᠯᠲᠡ ᠶᠢᠨ | ᠬᠠᠯᠬᠠᠪᠴᠢ ᠶᠢ ᠪᠠᠲᠤ ᠪᠠᠬᠢ ᠪᠠᠶᠢᠭᠤᠯᠪᠠ᠃ ᠥᠷᠲᠡᠭᠡ᠂ ᠠᠶᠠᠨᠴᠢᠳ ᠤᠨ ᠪᠠᠭᠤᠳᠠᠯ᠂ ᠡᠮᠨᠡᠯᠭᠡ ᠶᠢᠨ ᠬᠤᠷᠢᠶ᠎ᠠ᠂ | ᠰᠤᠷᠭᠠᠭᠤᠯᠢ᠂ ᠠᠶᠢᠯ ᠲᠣᠰᠬᠤᠨ ᠵᠡᠷᠭᠡ ᠬᠥᠮᠦᠨ ᠣᠯᠠᠨ ᠴᠤᠭᠯᠠᠷᠠᠬᠤ ᠭᠠᠵᠠᠷ ᠲᠠᠯᠠᠪᠤᠷ ᠢ ᠭᠤᠤᠯᠳᠠᠯᠭ᠎ᠠ ᠲᠠᠢ | ᠪᠠᠶᠢᠴᠠᠭᠠᠬᠤ ᠶᠢ ᠪᠠᠷᠢᠮᠲᠠᠯᠠᠵᠤ᠂ ᠡᠯ᠎ᠡ ᠨᠢᠭᠡᠴᠡ᠂ ᠠᠵᠤ ᠠᠬᠤᠶᠢᠯᠠᠯ ᠤᠨ ᠠᠮᠤᠷ ᠲᠦᠪᠰᠢᠨ ᠭᠠᠷᠬᠤ ᠡᠭᠦᠳᠡ ᠪᠣᠯᠤᠨ | ᠨᠡᠪᠲᠡᠷᠡᠬᠦ ᠵᠠᠮ ᠨᠢ ᠲᠣᠭᠲᠠᠭᠠᠯ ᠳᠤ ᠨᠡᠶᠢᠴᠡᠬᠦ ᠡᠰᠡᠬᠦ᠂ ᠪᠠᠴᠢᠮ ᠪᠠᠶᠢᠳᠠᠯ ᠢ ᠠᠷᠭᠠᠴᠠᠬᠤ ᠭᠡᠷᠡᠯᠲᠦᠭᠦᠯᠭᠡ ᠶᠢᠨ ᠳ᠋ᠧᠩ | ᠪᠣᠯᠤᠨ ᠵᠢᠭᠠᠯᠲᠠ ᠲᠡᠮᠳᠡᠭ ᠨᠢ ᠪᠦᠷᠢᠨ ᠪᠦᠲᠦᠨ ᠪᠦᠲᠦᠮᠵᠢᠲᠡᠶ ᠪᠠᠶᠢᠬᠤ ᠡᠰᠡᠬᠦ᠂ ᠭᠠᠯ ᠤᠨᠲᠠᠷᠠᠭᠠᠬᠤ ᠪᠡᠯᠡᠳᠬᠡᠮᠵᠢ | ᠲᠣᠬᠢᠷᠠᠭᠤᠯᠤᠭᠰᠠᠨ ᠨᠢ ᠪᠦᠷᠢᠨ ᠬᠦᠢᠴᠡᠳ ᠪᠠᠶᠢᠬᠤ ᠡᠰᠡᠬᠦ ᠵᠡᠷᠭᠡ ᠠᠭᠤᠯᠭ᠎ᠠ ᠶᠢ ᠨᠠᠷᠢᠨ ᠬᠢᠨᠠᠮᠠᠭᠠᠶ ᠵᠢᠭᠰᠠᠭᠠᠨ | ᠪᠠᠶᠢᠴᠠᠭᠠᠪᠠ᠃ ᠡᠪᠦᠯ ᠤᠨ ᠤᠯᠠᠷᠢᠯ ᠤᠨ ᠲᠠᠷᠢᠶᠠᠴᠢᠨ ᠡᠷᠦᠬᠡ ᠶᠢᠨ ᠲᠦᠯᠡᠭᠡ ᠡᠪᠡᠰᠦ ᠪᠠ ᠡᠪᠳᠡᠷᠬᠡᠶ ᠬᠠᠭᠤᠴᠢᠨ ᠭᠡᠷ | ᠪᠠᠶᠢᠰᠢᠩ ᠤᠨ ᠬᠠᠭᠤᠴᠢᠷᠠᠬᠤ ᠵᠡᠷᠭᠡ ᠠᠰᠠᠭᠤᠳᠠᠯ ᠠᠴᠠ ᠪᠣᠯᠵᠤ᠂ ᠲᠣᠮᠢᠯᠠᠭᠰᠠᠨ ᠰᠠᠯᠪᠤᠷᠢ ᠶᠢᠨ ᠠᠷᠠᠳ ᠤᠨ | ᠴᠠᠭᠳᠠᠭ᠎ᠠ ᠡᠯ᠎ᠡ ᠲᠣᠰᠬᠤᠨ ᠤ ᠡᠪᠳᠡᠷᠬᠡᠶ ᠬᠠᠭᠤᠴᠢᠨ ᠭᠡᠷ ᠪᠠᠶᠢᠰᠢᠩ᠂ ᠲᠦᠯᠡᠭᠡ ᠡᠪᠡᠰᠦ ᠶᠢ ᠣᠪᠣᠭᠠᠯᠠᠵᠤ ᠲᠠᠯᠪᠢᠬᠤ | ᠭᠠᠵᠠᠷ ᠢ ᠪᠠᠶᠢᠴᠠᠭᠠᠬᠤ ᠪᠠ ᠵᠢᠷᠤᠮᠵᠢᠭᠤᠯᠪᠠ᠃ | ᠬᠤᠶᠠᠷ᠂ ᠠᠵᠢᠯ ᠤᠨ ᠪᠠᠶᠢᠷᠢ ᠳᠠᠭᠠᠨ ᠪᠠᠶᠢᠬᠤ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ᠂ ᠵᠢᠵᠢᠬᠦᠷᠯᠡᠬᠦ | ᠲᠦᠷᠢᠮ ᠢ ᠴᠢᠩᠭᠠᠳᠬᠠᠪᠠ᠃ ᠡᠪᠦᠯ ᠤᠨ ᠤᠯᠠᠷᠢᠯ ᠲᠤ ᠭᠠᠯ ᠤᠨ ᠠᠶᠤᠯ ᠭᠠᠷᠬᠤ ᠵᠢᠮ᠎ᠡ ᠶᠣᠰᠣ ᠪᠣᠯᠤᠨ | ᠣᠨᠴᠠᠯᠢᠭ ᠲᠤ ᠴᠢᠭᠯᠡᠭᠦᠯᠦᠨ᠂ ᠡᠮᠦᠨᠡᠬᠢ ᠬᠤᠭᠤᠴᠠᠭᠠᠨ ᠤ ᠭᠠᠯ ᠤᠨ ᠪᠠᠶᠢᠳᠠᠯ ᠢ ᠡᠵᠡᠮᠳᠡᠬᠦ᠂ ᠣᠯᠠᠨ ᠲᠦᠮᠡᠨ ᠢ | ᠬᠠᠮᠠᠭᠠᠯᠠᠬᠤ ᠡᠯ᠎ᠡ ᠵᠦᠢᠯ ᠤᠨ ᠠᠵᠢᠯ ᠢ ᠦᠨᠡᠨᠬᠦ ᠰᠠᠶᠢᠲᠤᠷ ᠬᠢᠵᠦ᠂ ᠪᠡᠯᠡᠳᠬᠡᠯ ᠠᠵᠢᠯ ᠢ ᠰᠠᠶᠢᠲᠤᠷ ᠬᠢᠪᠡ᠃ | ᠭᠤᠷᠪᠠ᠂ ᠦᠵᠡᠯ ᠤᠬᠠᠮᠰᠠᠷ ᠤᠨ ᠤᠬᠠᠭᠤᠯᠭ᠎ᠠ ᠶᠢᠨ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ᠂ | ᠰᠡᠷᠡᠮᠵᠢᠯᠡᠬᠦ ᠦᠵᠡᠯ ᠤᠬᠠᠮᠰᠠᠷ ᠢᠶᠠᠨ ᠨᠡᠮᠡᠭᠳᠡᠬᠦᠯᠪᠡ᠃ ᠨᠡᠶᠢᠭᠡᠮ ᠲᠠᠢ ᠣᠶᠢᠷᠠᠳᠬᠤ᠂ ᠠᠮᠢᠳᠤᠷᠠᠯ ᠲᠠᠢ ᠣᠶᠢᠷᠠᠳᠬᠤ᠂ | ᠣᠯᠠᠨ ᠲᠦᠮᠡᠨ ᠲᠠᠢ ᠣᠶᠢᠷᠠᠳᠬᠤ ᠵᠠᠷᠴᠢᠮ ᠶᠣᠰᠣᠭᠠᠷ᠂ ᠡᠷᠦᠬᠡ ᠪᠦᠷᠢ ᠳᠤ ᠤᠬᠠᠭᠤᠯᠭ᠎ᠠ ᠬᠢᠬᠦ ᠶᠢ ᠲᠤᠪᠤᠶᠢᠮ᠎ᠠ | ᠰᠠᠶᠢᠲᠤᠷ ᠠᠳᠬᠤᠵᠤ᠂ ᠡᠪᠦᠯ ᠤᠨ ᠤᠯᠠᠷᠢᠯ ᠤᠨ ᠠᠶᠤᠯ ᠦᠭᠡᠢ ᠪᠠᠷ ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠲᠣᠰᠣ | ᠬᠡᠷᠡᠭᠯᠡᠬᠦ ᠵᠡᠷᠭᠡ ᠭᠠᠯ ᠢ ᠰᠡᠷᠭᠡᠶᠢᠯᠡᠬᠦ ᠶᠡᠷᠦ ᠶᠢᠨ ᠮᠡᠳᠡᠯᠭᠡ ᠵᠢᠴᠢ ᠠᠶᠤᠯ ᠠᠴᠠ ᠵᠠᠶᠢᠯᠠᠬᠤ ᠮᠡᠳᠡᠯᠭᠡ ᠶᠢ ᠤᠬᠠᠭᠤᠯᠤᠨ | ᠲᠦᠬᠡᠮᠡᠯᠵᠢᠬᠦᠯᠪᠡ᠃ | |