ᠯᠢᠨᠰᠢ ᠪᠠᠯᠭᠠᠰᠤᠨ ᠤ ᠲᠣᠮᠢᠯᠠᠭᠰᠠᠨ ᠰᠠᠯᠪᠤᠷᠢ ᠴᠠᠬᠢᠯᠭᠠᠨ ᠬᠤᠯᠪᠣᠭᠠᠨ ᠤ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠪᠡ
ᠨᠡᠶᠢᠲᠡᠯᠡᠭᠰᠡᠨ ᠴᠠᠭ᠄
2019-12-06
            ᠦᠢᠷ᠎ᠠ ᠶᠢᠨ ᠬᠤᠭᠤᠴᠠᠭᠠᠨ ᠳᠤ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠨᠡᠯᠢᠶᠡᠳ ᠤᠯᠠᠰᠢᠷᠠᠵᠤ᠂ ᠬᠠᠤᠯᠢ ᠠᠴᠠ ᠵᠥᠷᠢᠴᠡᠭᠰᠡᠨ ᠶᠠᠯᠠᠲᠤ ᠡᠲᠡᠭᠡᠳ ᠳ᠋ᠢᠶᠠᠩᠬᠤᠸᠠ᠂ ᠣᠬᠤᠷ ᠮᠡᠳᠡᠭᠡ ᠪᠣᠯᠤᠨ ᠰᠦᠯᠵᠢᠶ᠎ᠡ ᠶᠢ ᠣᠯᠠᠨᠲᠠ ᠠᠰᠢᠭᠯᠠ ᠴᠠᠬᠢᠯᠭᠠᠨ ᠬᠤᠯᠪᠣᠭ᠎ᠠ ᠪᠠᠷ ᠮᠡᠬᠡᠯᠡᠬᠦ ᠶᠠᠯᠠᠲᠤ ᠠᠵᠢᠯᠯᠠᠭ᠎ᠠ ᠬᠢᠵᠦ᠂ ᠨᠡᠶᠢᠭᠡᠮ ᠤᠨ ᠠᠮᠤᠷ ᠲᠦᠪᠰᠢᠨ ᠳᠤ ᠬᠦᠨᠳᠦ ᠨᠣᠴᠢᠲᠠᠶ ᠬᠤᠤᠷ ᠬᠥᠨᠥᠭᠡᠯ ᠤᠴᠠᠷᠠᠭᠤᠯᠵᠤ᠂ ᠥᠷᠭᠡᠨ ᠣᠯᠠᠨ ᠲᠦᠮᠡᠨ ᠤ ᠡᠳ᠋ ᠬᠥᠷᠥᠩᠭᠡ ᠳᠤ ᠬᠦᠨᠳᠦ ᠶᠡᠭᠡ ᠬᠤᠬᠢᠷᠠᠯ ᠤᠴᠠᠷᠠᠭᠤᠯᠤᠭᠰᠠᠨ ᠪᠠᠶᠢᠨ᠎ᠠ᠃ ᠬᠠᠷᠢᠶ᠎ᠠ ᠣᠷᠣᠨ ᠤ ᠣᠯᠠᠨ ᠲᠦᠮᠡᠨ ᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠴᠠᠬᠢᠯᠭᠠᠨ ᠬᠤᠯᠪᠣᠭᠠᠨ ᠤ ᠮᠡᠬᠡᠯᠡᠯ ᠤᠨ ᠶᠠᠯᠠᠲᠤ ᠠᠵᠢᠯᠯᠠᠭ᠎ᠠ ᠶᠢ ᠨᠠᠩ ᠪᠦᠲᠦᠮᠵᠢᠲᠡᠶ ᠰᠡᠷᠭᠡᠶᠢᠯᠡᠬᠦ ᠪᠠ ᠴᠣᠬᠢᠯᠲᠠ ᠥᠭᠴᠦ᠂ ᠠᠷᠠᠳ ᠣᠯᠠᠨ ᠤ ᠡᠳ᠋ ᠬᠥᠷᠥᠩᠭᠡ ᠶᠢᠨ ᠠᠮᠤᠷ ᠲᠦᠪᠰᠢᠨ ᠤ ᠬᠠᠯᠳᠠᠯᠭ᠎ᠠ ᠳᠤ ᠤᠴᠠᠷᠠᠬᠤ ᠦᠭᠡᠢ ᠪᠠᠶᠢᠬᠤ ᠶᠢ ᠪᠦᠲᠦᠮᠵᠢᠲᠡᠶ ᠬᠠᠮᠠᠭᠠᠯᠠᠬᠤ ᠶᠢᠨ ᠲᠥᠯᠥᠭᠡ᠂ ᠯᠢᠨᠰᠢ ᠪᠠᠯᠭᠠᠰᠤᠨ ᠤ ᠲᠣᠮᠢᠯᠠᠭᠰᠠᠨ ᠰᠠᠯᠪᠤᠷᠢ ᠬᠠᠷᠢᠶ᠎ᠠ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠠᠷᠢᠶ᠎ᠠ ᠣᠷᠣᠨ ᠳᠤ ᠭᠦᠨᠵᠡᠭᠡᠶᠢᠷᠡᠨ ᠴᠠᠬᠢᠯᠭᠠᠨ ᠬᠤᠯᠪᠣᠭᠠᠨ ᠤ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠪᠡ᠃        ᠠᠵᠢᠯᠯᠠᠭ᠎ᠠ ᠶᠢᠨ ᠳᠤᠮᠳᠠ᠂ ᠠᠷᠠᠳ ᠤᠨ ᠴᠠᠭᠳᠠᠭ᠎ᠠ ᠭᠤᠤᠯ ᠵᠡᠭᠡᠯᠢ ᠭᠤᠳᠤᠮᠵᠢ᠂ ᠲᠣᠮᠣ ᠬᠡᠯᠪᠡᠷᠢ ᠶᠢᠨ ᠬᠤᠳᠠᠯᠳᠤᠭᠠᠨ ᠤ ᠲᠠᠯᠠᠪᠤᠷ ᠵᠡᠷᠭᠡ ᠬᠥᠮᠦᠨ ᠬᠠᠷ᠎ᠠ ᠨᠡᠯᠢᠶᠡᠳ ᠲᠥᠪᠯᠡᠷᠡᠭᠰᠡᠨ ᠲᠠᠯᠠᠪᠤᠷ ᠲᠤ ᠴᠠᠬᠢᠯᠭᠠᠨ ᠬᠤᠯᠪᠣᠭᠠᠨ ᠤ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠶᠢᠨ ᠮᠠᠲ᠋ᠧᠷᠢᠶᠠᠯ ᠨᠠᠭᠠᠬᠤ᠂ ᠲᠠᠷᠬᠠᠭᠠᠬᠤ᠂ ᠲᠤᠬᠠᠶ ᠶᠢᠨ ᠲᠠᠯᠠᠪᠤᠷ ᠲᠤ ᠣᠯᠠᠨ ᠲᠦᠮᠡᠨ ᠤ ᠵᠥᠪᠯᠡᠯᠭᠡ ᠠᠪᠬᠤ᠂ ᠣᠯᠠᠨ ᠲᠦᠮᠡᠨ ᠤ ᠠᠰᠠᠭᠤᠯᠲᠠ ᠶᠢ ᠬᠠᠷᠢᠭᠤᠯᠬᠤ ᠪᠠᠷ ᠳᠠᠮᠵᠢᠭᠤᠯᠤᠨ᠂ ᠣᠯᠠᠨ ᠲᠦᠮᠡᠨ ᠳᠤ ᠴᠠᠬᠢᠯᠭᠠᠨ ᠬᠤᠯᠪᠣᠭᠠᠨ ᠤ ᠮᠡᠬᠡᠯᠡᠯ ᠤᠨ ᠠᠷᠭ᠎ᠠ ᠮᠠᠶ᠋ᠢᠭ ᠪᠠ ᠠᠷᠭ᠎ᠠ ᠪᠠᠷᠢᠯ ᠢ ᠭᠦᠨᠵᠡᠭᠡᠶ ᠣᠶᠢᠯᠠᠭᠠᠭᠤᠯᠵᠤ ᠂ ᠴᠠᠬᠢᠯᠭᠠᠨ ᠬᠤᠯᠪᠣᠭᠠᠨ ᠤ ᠮᠡᠬᠡᠯᠡᠯ ᠢ ᠰᠡᠷᠭᠡᠶᠢᠯᠡᠬᠦ᠂ ᠪᠡᠯᠡ ᠮᠥᠩᠭᠦᠨ ᠤ ᠠᠮᠤᠷ ᠲᠦᠪᠰᠢᠨ ᠢ ᠬᠠᠮᠠᠭᠠᠯᠠᠬᠤ ᠤᠬᠠᠮᠰᠠᠷ ᠢ ᠨᠢ ᠲᠡᠬᠡᠭᠰᠢᠯᠡᠬᠦᠯᠬᠦ ᠶᠢᠨ ᠬᠠᠮᠳᠤ᠂ ᠥᠷᠭᠡᠨ ᠣᠯᠠᠨ ᠲᠦᠮᠡᠨ ᠳᠤ ᠲᠠᠨᠢᠯ ᠪᠤᠰᠤ ᠳ᠋ᠢᠶᠠᠩᠬᠤᠸᠠ ᠪᠣᠯᠤᠨ ᠣᠬᠤᠷ ᠵᠠᠬᠢᠳᠠᠯ ᠤᠨ ᠠᠭᠤᠯᠭ᠎ᠠ ᠶᠢ ᠠᠮᠠᠷᠬᠠᠨ ᠢᠲᠡᠭᠡᠵᠦ ᠪᠣᠯᠬᠤ ᠦᠭᠡᠢ᠂ ᠲᠠᠨᠢᠯ ᠪᠤᠰᠤ ᠬᠥᠮᠦᠨ ᠳᠤ ᠥᠪᠡᠷ ᠤᠨ ᠪᠡᠶ᠎ᠡ ᠵᠢᠴᠢ ᠭᠡᠷ ᠤᠨ ᠬᠥᠮᠦᠰ ᠲᠡᠭᠡᠨ ᠮᠡᠳᠡᠭᠡ ᠵᠠᠩᠭᠢ ᠶᠢ ᠠᠮᠠᠷᠬᠠᠨ ᠬᠡᠯᠡᠵᠦ ᠥᠭᠬᠦ ᠦᠭᠡᠢ᠂ ᠥᠪᠡᠷ ᠤᠨ ᠪᠡᠶ᠎ᠡ ᠪᠣᠯᠤᠨ ᠭᠡᠷ ᠤᠨ ᠬᠥᠮᠦᠰ ᠤᠨ ᠢᠶᠠᠨ ᠡᠯ᠎ᠡ ᠲᠥᠷᠥᠯ ᠤᠨ ᠮᠥᠩᠭᠦᠨ ᠬᠦᠢᠯᠬᠡᠬᠡᠨ ᠤ ᠳᠠᠩᠰᠠᠨ ᠡᠷᠦᠬᠡ ᠶᠢᠨ ᠮᠡᠳᠡᠭᠡ ᠵᠠᠩᠭᠢ ᠶᠢ ᠲᠣᠬᠢᠲᠠᠶ ᠬᠠᠳᠠᠭᠠᠯᠠᠨ ᠬᠠᠮᠢᠶᠠᠷᠴᠤ᠂ ᠮᠡᠬᠡᠯᠡᠭᠳᠡᠬᠦ ᠠᠴᠠ ᠵᠠᠶᠢᠯᠠᠰᠬᠢᠬᠦ ᠬᠡᠷᠡᠭᠲᠡᠶ᠃ ᠶᠠᠮᠠᠷᠪᠠ ᠪᠠᠶᠢᠭᠤᠯᠭ᠎ᠠ᠂ ᠶᠠᠮᠠᠷᠪᠠ ᠰᠢᠯᠲᠠᠭᠠᠨ ᠢᠶᠠᠷ ᠵᠣᠭᠤᠰ ᠭᠤᠪᠢᠭᠤᠯᠬᠤ᠂ ᠳᠠᠩᠰᠠ ᠨᠣᠮᠧᠷ ᠠᠪᠬᠤ ᠨᠢᠭᠤᠴᠠ ᠨᠣᠮᠧᠷ ᠠᠪᠬᠤ ᠵᠡᠷᠬᠡ ᠶᠢ ᠰᠣᠨᠣᠰᠬᠤ ᠦᠭᠡᠢ᠂ ᠢᠲᠡᠭᠡᠬᠦ ᠦᠭᠡᠢ᠂ ᠳᠠᠩᠰᠠ ᠰᠢᠯᠵᠢᠭᠦᠯᠬᠦ ᠦᠭᠡᠢ᠂ ᠵᠣᠭᠤᠰ ᠭᠤᠪᠢᠭᠤᠯᠬᠤ ᠦᠭᠡᠢ ᠪᠠᠶᠢᠵᠤ᠂ ᠠᠰᠠᠭᠤᠳᠠᠯ ᠲᠠᠢ ᠪᠣᠯ ᠴᠠᠭ ᠲᠤᠬᠠᠶ ᠳᠤ ᠨᠢ 110 ᠳᠤ ᠤᠲᠠᠰᠤᠳᠠᠵᠤ ᠠᠰᠠᠭᠤᠨ ᠯᠠᠪᠯᠠᠬᠤ ᠬᠡᠷᠡᠭᠲᠡᠶ ᠬᠡᠳᠡᠭ ᠢ ᠰᠠᠨᠠᠭᠤᠯᠪᠠ  ᠃         ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠣᠯᠠᠨ ᠲᠦᠮᠡᠨ ᠤ ᠮᠡᠬᠡᠯᠡᠯ ᠢ ᠰᠡᠷᠭᠡᠶᠢᠯᠡᠬᠦ ᠤᠬᠠᠮᠰᠠᠷ᠂  ᠮᠡᠬᠡᠯᠡᠯ ᠢ ᠢᠯᠭᠠᠨ ᠲᠠᠨᠢᠬᠤ ᠴᠢᠳᠠᠪᠤᠷᠢ ᠶᠢ ᠳᠡᠭᠡᠭᠰᠢᠯᠡᠭᠦᠯᠵᠦ᠂ ᠣᠯᠠᠨ ᠲᠦᠮᠡᠨ ᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠵᠤ᠂ ᠴᠠᠬᠢᠯᠭᠠᠨ ᠬᠤᠯᠪᠣᠭᠠᠨ ᠤ ᠮᠡᠬᠡᠯᠡᠯ ᠤᠨ ᠬᠡᠷᠡᠭ ᠡᠭᠦᠰᠬᠦ ᠶᠢ ᠪᠦᠲᠦᠮᠵᠢᠲᠡᠶ ᠬᠤᠷᠢᠭᠯᠠᠵᠠᠶ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号