ᠯᠢᠨᠰᠢ ᠰᠢᠶᠠᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠯᠢᠨᠰᠢ ᠰᠢᠶᠠᠨ ᠤ ᠡᠮᠨᠡᠯᠬᠡ ᠶᠢᠨ ᠬᠤᠷᠢᠶ᠎ᠠ  ᠶᠢᠨ ᠰᠦᠯᠵᠢᠶ᠎ᠠ ᠶᠢᠨ ᠠᠶᠦᠯ ᠲᠦᠭᠰᠢᠬᠦᠷᠢ ᠶᠢ ᠵᠠᠰᠠᠨ ᠴᠡᠭᠴᠡᠯᠡᠬᠦ ᠶᠢ ᠱᠠᠭᠠᠷᠳᠠᠪᠠ
ᠨᠡᠶᠢᠲᠡᠯᠡᠭᠰᠡᠨ ᠴᠠᠭ᠄
2019-06-11
                    ᠰᠢᠨ᠎ᠠ ᠲᠤᠮᠳᠠᠳᠤ ᠤᠯᠤᠰ ᠪᠠᠶᠢᠭᠤᠯᠤᠭᠳᠠᠭᠰᠠᠨ70 ᠵᠢᠯ ᠤᠨ ᠤᠢ ᠶᠢᠨ ᠪᠠᠶᠠᠷ ᠢ ᠪᠡᠯᠬᠡᠯᠡᠬᠦ ᠳᠤ ᠲᠤᠤᠷ ᠰᠦᠯᠵᠢᠶ᠎ᠠ ᠶᠢᠨ ᠠᠮᠤᠷ ᠢ ᠬᠠᠮᠠᠭᠠᠯᠠᠬᠤ ᠠᠵᠢᠯ ᠢ ᠦᠨᠡᠩᠬᠦ ᠰᠠᠶᠢᠳᠤᠷ ᠬᠢᠵᠤ᠂ ᠮᠠᠨ ᠤ ᠰᠢᠶᠠᠨ ᠤ ᠲᠤᠤᠷ ᠰᠦᠯᠵᠢᠶ᠎ᠠ  ᠶᠢᠨ ᠠᠮᠤᠷ ᠲᠦᠪᠰᠢᠨ ᠤ ᠪᠠᠳᠤᠯᠠᠭ᠎ᠠ ᠶᠢᠨ ᠴᠢᠳᠠᠪᠤᠷᠢ ᠪᠤᠯᠤᠨ ᠰᠡᠷᠬᠡᠶᠢᠯᠡᠨ ᠬᠠᠮᠠᠭᠠᠯᠠᠬᠤ ᠬᠢᠷᠢ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠬᠦ ᠶᠢᠨ ᠲᠦᠯᠦᠬᠡ᠂ 6 ᠰᠠᠷ᠎ᠠ ᠶᠢᠨ5 ᠤ ᠡᠳᠦᠷ᠂ ᠯᠢᠨᠰᠢ ᠰᠢᠶᠠᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠨᠢ ︽ᠰᠦᠯᠵᠢᠶ᠎ᠠ ᠴᠡᠪᠡᠷᠯᠡᠬᠦ︾ ᠲᠤᠰᠬᠠᠢ ᠲᠦᠷᠦᠯ ᠤᠨ ᠠᠵᠢᠯᠯᠠᠭ᠎ᠠ ᠲᠠᠢ ᠤᠶᠠᠯᠳᠤᠭᠤᠯᠤᠨ᠂ ᠯᠢᠨᠰᠢ ᠰᠢᠶᠠᠨ ᠬᠡᠪᠴᠢᠶᠠᠨ ᠤ ᠲᠤᠤᠷ ᠰᠦᠯᠵᠢᠶ᠎ᠠ ᠶᠢᠨ ᠠᠮᠤᠷ ᠲᠦᠪᠰᠢᠨ ᠬᠠᠤᠯᠢ ᠬᠡᠷᠡᠭᠵᠢᠬᠦᠯᠬᠦ ᠪᠠᠶᠢᠴᠠᠭᠠᠯᠳᠠ ᠶᠢᠨ ᠠᠵᠢᠯᠯᠠᠭ᠎ᠠ ᠦᠷᠨᠢᠬᠦᠯᠪᠡ᠃      ᠠᠵᠢᠯ ᠲᠤᠮᠳᠠ᠂ ᠯᠢᠨᠰᠢ ᠰᠢᠶᠠᠨ ᠤ ᠡᠮᠨᠡᠯᠬᠡ ᠶᠢᠨ ᠬᠤᠷᠢᠶ᠎ᠠ ᠶᠢᠨ ᠰᠦᠯᠵᠢᠶ᠎ᠠ ᠳᠤSQL ᠤᠷᠤᠭᠰᠠᠨ ᠠᠶᠤᠯ ᠲᠦᠭᠰᠢᠬᠦᠷᠢ ᠤᠷᠤᠰᠢᠵᠤ ᠪᠠᠶᠢᠬᠤ ᠶᠢ ᠪᠠᠶᠢᠴᠠᠭᠠᠨ ᠢᠯᠡᠷᠡᠬᠦᠯᠪᠡ᠃ ᠮᠠᠨ ᠤ ᠲᠤᠪᠴᠢᠶ᠎ᠠ ᠨᠢ ᠴᠢᠬᠤᠯᠠᠴᠢᠯᠠᠨ ᠦᠵᠡᠵᠤ᠂ ᠲᠠᠷᠤᠢ ᠲᠦᠷᠬᠡᠨ ᠬᠦᠳᠡᠯᠦᠯᠴᠠᠨ᠂ ᠠᠷᠠᠳ ᠤᠨ ᠴᠠᠭᠳᠠᠭ᠎ᠠ ᠶᠢ ᠵᠤᠬᠢᠶᠠᠨ ᠪᠠᠶᠢᠭᠤᠯᠵᠤ ᠯᠢᠨᠰᠢ ᠰᠢᠶᠠᠨ ᠤ ᠡᠮᠨᠡᠯᠬᠡ ᠶᠢᠨ ᠬᠤᠷᠢᠶ᠎ᠠ ᠳᠤ ᠬᠦᠷᠴᠦ᠂ ᠡᠮᠨᠡᠯᠬᠡ ᠶᠢᠨ ᠬᠤᠷᠢᠶ᠎ᠠ ᠶᠢᠨ ᠬᠢᠨ ᠳᠤ ᠠᠮᠤᠷ ᠲᠦᠪᠰᠢᠨ ᠤ ᠬᠡᠮ ᠰᠤᠭᠤᠭ ᠤᠷᠤᠰᠢᠵᠤ ᠪᠠᠶᠢᠬᠤ ᠶᠢ ᠨᠡᠶᠢᠳᠡᠯᠡᠨ ᠮᠡᠳᠡᠭᠳᠡᠬᠦ ᠶᠢᠨ ᠬᠠᠮᠳᠤ ᠵᠠᠷᠯᠢᠭ ᠪᠠᠭᠤᠯᠭᠠᠨ ᠲᠤᠭᠳᠠᠭᠰᠠᠨ ᠬᠤᠭᠤᠴᠠᠭᠠᠨ ᠳᠤ ᠬᠠᠯᠠᠨ ᠰᠠᠶᠢᠵᠢᠷᠠᠭᠤᠯᠬᠤ ᠶᠢ ᠱᠠᠭᠠᠷᠳᠠᠵᠤ᠂ ᠲᠠᠷᠤᠢ ᠲᠦᠷᠬᠡᠨ ᠲᠤᠤᠷ ᠰᠦᠯᠵᠢᠶᠠᠨ ᠤ ᠠᠮᠤᠷ ᠲᠦᠪᠰᠢᠨ ᠤ ᠬᠡᠮ ᠰᠤᠭᠤᠭ ᠢ ᠵᠠᠰᠠᠨ ᠰᠠᠶᠢᠵᠢᠷᠠᠭᠤᠯᠬᠤ ᠠᠵᠢᠯ ᠦᠷᠨᠢᠬᠦᠯᠦᠨ᠂ ᠲᠤᠤᠷ ᠰᠦᠯᠵᠢᠶᠠᠨ ᠤ ᠠᠮᠤᠷ ᠲᠦᠪᠰᠢᠨ ᠠᠵᠢᠯᠯᠠᠭᠤᠯᠬᠤ ᠶᠢ ᠪᠠᠳᠤᠯᠠᠬᠤ ᠬᠡᠷᠡᠭᠳᠠᠢ ᠬᠡᠵᠠᠢ᠃      ᠯᠢᠨᠰᠢ ᠰᠢᠶᠠᠨ ᠤ ᠡᠮᠨᠡᠯᠬᠡ ᠶᠢᠨ ᠬᠤᠷᠢᠶ᠎ᠠ ᠶᠢᠨ ᠰᠦᠯᠵᠢᠶᠠᠨ ᠤ ᠬᠠᠷᠢᠭᠤᠴᠠᠯᠭᠠᠳᠠᠨ ᠢᠳᠡᠪᠬᠢᠳᠠᠢ ᠪᠠᠷ ᠲᠤᠤᠷ ᠰᠦᠯᠵᠢᠶᠠᠨ ᠤ ᠬᠠᠤᠯᠢ ᠬᠡᠷᠡᠭᠵᠢᠬᠦᠯᠬᠦ ᠪᠠᠶᠢᠴᠠᠭᠠᠯᠳᠠ ᠶᠢᠨ ᠠᠵᠢᠯ ᠳᠤ ᠬᠠᠮᠵᠢᠯᠴᠠᠵᠤ᠂ ᠬᠤᠶᠢᠰᠢᠳᠠ ᠶᠢᠨ ᠠᠵᠢᠯ ᠲᠤᠮᠳᠠ ᠲᠦᠪ ᠴᠢᠩᠭ᠎ᠠ ᠱᠠᠭᠠᠷᠳᠠᠯᠭ᠎ᠠ ᠶᠤᠰᠤᠭᠠᠷ ᠠᠶᠤᠯ ᠲᠦᠭᠰᠢᠬᠦᠷᠢ ᠶᠢ ᠰᠡᠷᠬᠡᠶᠢᠯᠡᠬᠦ ᠲᠠᠨᠢᠯᠳᠠ ᠪᠠᠨ ᠨᠡᠮᠡᠭᠳᠡᠬᠦᠯᠦᠨ᠂ ᠠᠮᠤᠷ ᠲᠦᠪᠰᠢᠨ ᠢ ᠰᠡᠷᠬᠡᠶᠢᠯᠡᠬᠦ ᠠᠷᠭ᠎ᠠ ᠪᠠᠷᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠴᠢᠮ ᠢ ᠠᠷᠭᠠᠴᠠᠨ ᠰᠡᠢᠳᠪᠦᠷᠢᠯᠡᠬᠦ ᠴᠢᠳᠠᠪᠤᠷᠢ ᠪᠠᠨ ᠲᠡᠬᠡᠭᠰᠢᠯᠡᠬᠦᠯᠦᠨ᠂ ᠰᠦᠯᠵᠢᠶᠠᠨ ᠤ ᠠᠮᠤᠷ ᠲᠦᠪᠰᠢᠨ ᠢ ᠪᠠᠳᠤᠯᠠᠨ᠎ᠠ ᠬᠡᠵᠤ ᠢᠯᠡᠷᠬᠡᠶᠢᠯᠡᠭᠰᠡᠨ ᠪᠠᠶᠢᠨ᠎ᠠ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号