| 6 ᠰᠠᠷ᠎ᠠ ᠶᠢᠨ5 ᠤ ᠡᠳᠦᠷ᠂ ᠨᠢᠩᠴᠧᠩ ᠰᠢᠶᠠᠨ ᠤ ᠤᠯᠤᠰ ᠲᠦᠷᠦ ᠶᠢᠨ ᠵᠦᠪᠯᠡᠯᠬᠡᠨ ᠤ ᠬᠢᠨ ᠮᠠᠨ ᠤ | ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠤᠪᠴᠢᠶ᠎ᠠ ᠳᠤ ᠬᠦᠷᠴᠦ ᠡᠵᠡᠩᠨᠡᠨ ᠬᠠᠮᠢᠶᠠᠷᠤᠯᠳᠠ ᠶᠢᠨ | ᠤᠷᠴᠢᠨᠲ᠋ᠤᠭᠤᠷᠢᠨ ᠤ ᠪᠦᠳᠦᠬᠡᠨ ᠪᠠᠶᠢᠭᠤᠯᠤᠯᠳᠠ ᠪᠤᠯᠤᠨ ︽ᠲᠠᠯᠪᠢᠵᠤ ᠬᠠᠮᠢᠶᠠᠷᠬᠤ ᠦᠢᠯᠡᠴᠢᠯᠡᠭᠡ︾ ᠶᠢᠨ | ᠦᠬᠡᠷᠡᠴᠢᠯᠡᠯᠳᠠ ᠶᠢᠨ ᠠᠵᠢᠯ ᠢ ᠲᠤᠭᠤᠷᠢᠨ ᠰᠤᠷᠤᠯᠴᠠᠪᠠ᠃ | | | | | | | | | | | | | | | | ᠲᠤᠭᠤᠷᠢᠨ ᠪᠠᠶᠢᠴᠠᠭᠠᠬᠤ ᠲᠤᠭᠤᠶᠢᠯᠠᠩ ᠨᠢ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠢᠩᠬᠢᠮ ᠳᠤ | ᠬᠦᠷᠴᠦ᠂ ᠬᠠᠮᠢᠶ᠎ᠠ ᠪᠦᠬᠦᠢ ᠬᠠᠷᠢᠭᠤᠴᠠᠯᠭᠠᠳᠠᠨ ᠤ ᠵᠠᠰᠠᠭ ᠤᠨ ᠦᠢᠯᠡᠴᠢᠯᠡᠬᠡᠨ ᠤ ᠲᠢᠩᠬᠢᠮ ᠤᠨ ᠲᠤᠭᠳᠠᠯᠴᠠᠭ᠎ᠠ ᠶᠢᠨ | ᠪᠠᠶᠢᠭᠤᠯᠤᠯᠳᠠ᠂ ᠪᠦᠬᠦᠯᠢ ᠴᠤᠭᠴᠠ ᠶᠢᠨ ᠪᠠᠶᠢᠷᠢᠯᠠᠭᠤᠯᠤᠯᠳᠠ᠂ ᠴᠤᠩᠬᠤᠨ ᠦᠢᠯᠡᠴᠢᠯᠡᠬᠡᠨ ᠤ ᠲᠤᠬᠢᠷᠠᠭᠤᠯᠤᠯᠳᠠ᠂ | ᠦᠢᠯᠡᠴᠢᠯᠡᠬᠡᠨ ᠤ ᠲᠤᠨᠤᠭ ᠲᠦᠬᠦᠬᠡᠷᠦᠮᠵᠢ ᠶᠢᠨ ᠪᠦᠷᠢᠨᠰᠢᠬᠦᠯᠦᠯᠳᠠ᠂ ᠠᠷᠠᠳ ᠲᠤ ᠲᠦᠬᠦᠮ ᠦᠢᠯᠡᠴᠢᠯᠡᠭᠡ ᠶᠢᠨ | ᠠᠷᠭ᠎ᠠ ᠪᠠᠷᠢᠯ᠂ ᠬᠡᠷ ᠬᠦᠷᠦᠩᠬᠡ ᠶᠢᠨ ᠵᠦᠢᠯ ᠢ ᠬᠦᠢᠴᠡᠳᠬᠡᠬᠦ ᠶᠢ ᠨᠢᠬᠡ ᠴᠤᠭᠴᠠᠵᠢᠭᠤᠯᠤᠭᠰᠠᠨ ᠲᠤᠭᠤᠷᠢᠭ ᠢ | ᠪᠠᠶᠢᠭᠤᠯᠬᠤ᠂ ᠠᠵᠤ ᠠᠬᠤᠶᠢᠯᠠᠯ ᠢ ᠲᠠᠩᠰᠠᠯᠠᠭᠤᠯᠤᠨ ᠬᠦᠢᠴᠡᠳᠬᠡᠬᠦ ᠲᠤᠰᠬᠠᠢ ᠲᠤᠭᠤᠷᠢᠭ ᠢ ᠲᠤᠬᠢᠷᠠᠭᠤᠯᠬᠤ᠂ ᠵᠠᠰᠠᠭ | ᠤᠨ ᠶᠠᠪᠤᠳᠠᠯ ᠤᠨ ᠦᠢᠯᠡᠴᠢᠯᠡᠬᠡᠨ ᠤ ᠰᠦᠯᠵᠢᠶᠠᠨ ᠳᠤ ᠬᠡᠷᠡᠭ ᠤᠴᠢᠷ ᠢ ᠰᠡᠢᠳᠪᠦᠷᠢᠯᠡᠨ ᠬᠦᠢᠴᠡᠳᠬᠡᠬᠦ ᠵᠡᠷᠬᠡ ᠲᠠᠯ᠎ᠠ | ᠳᠤ ᠨᠠᠷᠢᠯᠢᠭ ᠲᠠᠨᠢᠯᠴᠠᠭᠤᠯᠭ᠎ᠠ ᠶᠢ ᠰᠤᠨᠤᠰᠪᠠ᠃ ᠪᠠᠰᠠ ︽ᠲᠠᠯᠪᠢᠵᠤ ᠬᠠᠮᠢᠶᠠᠷᠬᠤ ᠦᠢᠯᠡᠴᠢᠯᠡᠭᠡ︾ ᠶᠢᠨ | ᠦᠬᠡᠷᠡᠴᠢᠯᠡᠯᠳᠠ ᠵᠢᠴᠢ ᠡᠵᠡᠩᠨᠡᠨ ᠬᠠᠮᠢᠶᠠᠷᠤᠯᠳᠠ ᠶᠢᠨ ᠤᠷᠴᠢᠨ ᠲᠤᠭᠤᠷᠢᠨ ᠢ ᠰᠢᠯᠢᠳᠡᠭᠵᠢᠬᠦᠯᠦᠨ ᠰᠠᠶᠢᠵᠢᠷᠠᠭᠤᠯᠬᠤ | ᠠᠵᠢᠯ ᠤᠨ ᠦᠨᠳᠦᠰᠦᠨ ᠪᠠᠶᠢᠳᠠᠯ᠂ ᠭᠤᠤᠯ ᠠᠷᠭ᠎ᠠ ᠬᠢᠳᠡᠯ ᠵᠢᠴᠢ ᠦᠷ᠎ᠠ ᠪᠦᠳᠦᠮᠵᠢ ᠶᠢ ᠠᠰᠠᠭᠤᠨ ᠦᠢᠯᠠᠭᠠᠵᠤ᠂ | ᠵᠠᠰᠠᠭ ᠤᠨ ᠤᠷᠳᠤᠨ ᠤ ᠦᠢᠯᠡᠳᠦᠯ ᠴᠢᠳᠠᠪᠬᠢ ᠶᠢᠨ ᠬᠤᠪᠢᠷᠠᠯᠳᠠ᠂ ᠪᠠᠶᠢᠭᠤᠯᠤᠮᠵᠢ ᠶᠢᠨ ᠲᠤᠬᠢᠷᠠᠭᠤᠯᠤᠯᠳᠠ᠂ ᠵᠠᠰᠠᠭ | ᠵᠠᠬᠢᠷᠭᠠᠨ ᠤ ᠵᠦᠪᠰᠢᠶᠡᠷᠡᠭᠰᠡᠨ ᠵᠦᠢᠯ ᠢ ᠬᠤᠪᠢᠶᠠᠨ ᠬᠤᠪᠢᠷᠠᠭᠤᠯᠬᠤ᠂ ᠢᠨᠵᠧᠨᠧᠷᠢᠩ ᠤᠨ ᠲᠦᠷᠦᠯ ᠵᠦᠢᠯ ᠢ ᠬᠢᠨᠠᠨ | ᠵᠦᠪᠰᠢᠶᠡᠷᠡᠬᠦ ᠲᠦᠷᠢᠮ ᠤᠨ ᠦᠬᠡᠷᠡᠴᠢᠯᠡᠯᠳᠠ᠂ ︽ᠢᠨᠲ᠋ᠧᠷᠨᠧᠲ ᠰᠦᠯᠵᠢᠶ᠎ᠠ + ᠵᠠᠰᠠᠭ ᠤᠨ ᠦᠢᠯᠡᠴᠢᠯᠡᠭᠡ︾᠂ | ᠬᠢᠨᠠᠨ ᠬᠠᠮᠢᠶᠠᠷᠬᠤ ᠬᠤᠯᠪᠤᠭᠠᠯᠠᠬᠤ ᠵᠡᠷᠬᠡ ᠠᠰᠠᠭᠤᠳᠠᠯ ᠳᠤ ᠬᠦᠨᠵᠡᠬᠡᠢ ᠶᠠᠷᠢᠯᠴᠠᠭ᠎ᠠ ᠦᠷᠨᠢᠬᠦᠯᠵᠠᠢ᠃ | |