| | ᠲᠦᠪ ᠦᠪᠡᠷᠳᠡᠬᠡᠨ ᠵᠠᠰᠠᠬᠤ ᠤᠷᠤᠨ᠂ ᠬᠤᠳᠠ᠂ ᠰᠢᠶᠠᠨ ᠤ ᠬᠠᠷ᠎ᠠ ᠪᠦᠯᠦᠭᠳᠡᠨ ᠬᠠᠷᠬᠢᠰ ᠬᠦᠴᠦᠨ ᠢ | ᠠᠷᠢᠯᠭᠠᠬᠤ ᠲᠤᠰᠬᠠᠢ ᠲᠡᠮᠡᠴᠡᠯ ᠤᠨ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠬᠦᠨᠵᠡᠬᠡᠢ ᠲᠤᠤᠱᠯᠠᠭᠤᠯᠤᠨ᠂ ᠪᠦᠬᠦ ᠺᠠᠳ᠋ᠷ | ᠠᠵᠢᠯᠳᠠᠨ ᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠡᠮᠡᠴᠡᠯ ᠤᠨ ᠠᠵᠢᠯᠯᠠᠭ᠎ᠠ ᠶᠢᠨ ᠮᠡᠳᠡᠯᠬᠡ | ᠮᠡᠳᠡᠴᠠ ᠶᠢ ᠤᠯᠠᠮ ᠨᠢᠬᠡ ᠠᠯᠬᠤᠮ ᠲᠡᠬᠡᠭᠰᠢᠯᠡᠬᠦᠯᠵᠤ᠂ ᠠᠵᠢᠯ ᠤᠨ ᠴᠢᠭᠯᠡᠯ ᠢ ᠲᠤᠳᠤᠷᠬᠠᠶᠢᠯᠠᠨ᠂ ᠪᠦᠬᠦ ᠰᠢᠰᠲ᠋ᠧᠮ | ᠤᠨ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠯᠠᠪᠳᠠᠭᠤᠨ ᠪᠠᠳᠤᠳᠠᠢ ᠦᠷᠨᠢᠬᠦᠯᠬᠦ | ᠶᠢᠨ ᠲᠦᠯᠦᠬᠡ᠂ ᠦᠢᠷ᠎ᠠ ᠶᠢᠨ ᠡᠳᠦᠷ᠂ ᠯᠢᠨᠰᠢ ᠰᠢᠶᠠᠨ ᠤ ᠵᠠᠮ ᠲᠡᠬᠡᠬᠡᠪᠦᠷᠢ ᠶᠢᠨ ᠲᠤᠪᠴᠢᠶ᠎ᠠ ᠵᠢᠴᠢ ᠬᠠᠷᠢᠶᠠᠨ | ᠳᠠᠬᠢ ᠡᠯ᠎ᠡ ᠨᠢᠬᠡᠴᠡ ᠨᠢ ᠢᠳᠡᠪᠬᠢᠳᠠᠢ ᠵᠤᠬᠢᠶᠠᠨ ᠪᠠᠶᠢᠭᠤᠯᠵᠤ ᠪᠦᠬᠦ ᠬᠡᠰᠢᠬᠦᠳ ᠤᠨ ᠤᠷᠤᠯᠴᠠᠭᠰᠠᠨ ᠬᠠᠷ᠎ᠠ | ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠡᠮᠡᠴᠡᠯ ᠤᠨ ᠮᠡᠳᠡᠯᠬᠡ ᠮᠡᠳᠠᠴᠠ ᠶᠢᠨ ᠰᠤᠷᠤᠯᠴᠠᠯᠭ᠎ᠠ ᠪᠤᠯᠪᠠᠰᠤᠷᠠᠯ | ᠪᠤᠯᠤᠨ ᠰᠢᠯᠭᠠᠯᠳᠠ ᠬᠢᠪᠠ᠃ | | | | | | | | | ᠲᠤᠰ ᠤᠳᠠᠭᠠᠨ ᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠮᠡᠳᠡᠯᠬᠡ | ᠶᠢᠨ ᠰᠤᠷᠤᠯᠴᠠᠯᠭ᠎ᠠ ᠪᠤᠯᠪᠠᠰᠤᠷᠠᠯ ᠵᠢᠴᠢ ᠰᠢᠯᠭᠠᠯᠳᠠ ᠨᠢ ᠡᠯ᠎ᠡ ᠨᠠᠮ ᠤᠨ ᠡᠬᠦᠷ ᠠᠴᠠ ᠦᠪᠡᠰᠦᠪᠡᠨ ᠵᠤᠬᠢᠶᠠᠨ | ᠪᠠᠶᠢᠭᠤᠯᠬᠤ ᠬᠡᠯᠪᠡᠷᠢ ᠪᠠᠷ ᠶᠠᠪᠤᠭᠳᠠᠵᠤ᠂ ᠲᠤᠪᠴᠢᠶ᠎ᠠ ᠶᠢᠨ ᠠᠯᠪᠠᠨ ᠪᠠᠶᠢᠭᠤᠯᠭ᠎ᠠ ᠵᠢᠴᠢ ᠲᠤᠪᠴᠢᠶ᠎ᠠ ᠶᠢᠨ ᠬᠠᠷᠢᠶ᠎ᠠ | ᠨᠢᠬᠡᠴᠡ ᠨᠦᠭᠦᠳ ᠤᠨ ᠺᠠᠳ᠋ᠷ ᠠᠵᠢᠯᠴᠢᠨ ᠢᠳᠡᠪᠬᠢᠳᠠᠢ ᠪᠠᠷ ᠰᠢᠯᠭᠠᠯᠳᠠ ᠳᠤ ᠤᠷᠤᠯᠴᠠᠵᠠᠢ᠃ ᠰᠢᠯᠭᠠᠯᠳᠠ ᠶᠢᠨ | ᠠᠭᠤᠯᠭ᠎ᠠ ᠨᠢ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠴᠢᠬᠤᠯᠠ ᠤᠳᠬ᠎ᠠ ᠠᠭᠤᠯᠭ᠎ᠠ ᠶᠢᠨ ᠲᠤᠭᠤᠷᠢᠨ | ᠳᠤ᠂ ᠶᠡᠷᠦ ᠶᠢᠨ ᠮᠡᠳᠡᠯᠬᠡ ᠶᠢᠨ ᠴᠢᠨᠠᠷᠳᠠᠢ ᠠᠰᠠᠭᠤᠯᠳᠠ ᠬᠠᠷᠢᠭᠤᠯᠳᠠ ᠵᠡᠷᠬᠡ ᠮᠡᠳᠡᠪᠡᠰᠦ ᠴᠢᠳᠠᠪᠠᠰᠤ ᠵᠤᠬᠢᠬᠤ ᠵᠦᠢᠯ | ᠢ ᠭᠠᠷᠭᠠᠵᠤ᠂ ᠬᠠᠭᠠᠯᠳᠠ ᠲᠠᠭᠯᠠᠬᠤ᠂ ᠲᠠᠩ ᠬᠠᠷᠢᠭᠤᠯᠳᠠ ᠰᠤᠩᠭᠤᠬᠤ᠂ ᠤᠯᠠᠨ ᠬᠠᠷᠢᠭᠤᠯᠳᠠ ᠰᠤᠩᠭᠤᠬᠤ᠂ | ᠠᠰᠠᠭᠤᠯᠳᠠ ᠬᠠᠷᠢᠭᠤᠯᠬᠤ᠂ ᠦᠬᠦᠯᠡᠨ ᠲᠤᠭᠠᠴᠠᠬᠤ ᠲᠠᠪᠤᠨ ᠲᠦᠷᠦᠯ ᠤᠨ ᠰᠡᠳᠦᠪ ᠤᠨ ᠬᠡᠯᠪᠡᠷᠢ ᠪᠠᠷ ᠰᠢᠯᠭᠠᠵᠠᠢ᠃ | | | | | | | | | ᠰᠢᠯᠭᠠᠯᠳᠠ ᠪᠠᠷ ᠲᠠᠮᠵᠢᠨ ᠵᠠᠮ ᠲᠡᠬᠡᠬᠡᠪᠦᠷᠢ ᠶᠢᠨ ᠰᠢᠰᠲ᠋ᠧᠮ ᠤᠨ ᠪᠦᠬᠦ ᠺᠠᠳ᠋ᠷ ᠠᠵᠢᠯᠳᠠᠨ ᠤ ᠬᠠᠷ᠎ᠠ ᠪᠦᠯᠦᠭᠳᠡᠨ | ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠲᠦᠪ ᠤᠨ ᠬᠠᠮᠢᠶ᠎ᠠ ᠪᠦᠬᠦᠢ ᠬᠤᠷᠠᠯ᠂ ᠪᠢᠴᠢᠭ ᠮᠠᠲ᠋ᠧᠷᠢᠶᠠᠯ | ᠤᠨ ᠵᠤᠷᠢᠭ ᠰᠠᠨᠠᠭ᠎ᠠ ᠮᠡᠳᠡᠯᠬᠡ ᠮᠡᠳᠡᠴᠠ ᠶᠢ ᠰᠤᠷᠤᠯᠴᠠᠬᠤ ᠤᠬᠠᠮᠰᠠᠷ ᠢ ᠲᠡᠬᠡᠭᠰᠢᠯᠡᠬᠦᠯᠦᠨ᠂ ᠲᠡᠳᠡᠨᠠᠷ ᠤᠨ ᠬᠠᠷ᠎ᠠ | ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠬᠤᠷᠠᠯ ᠵᠢᠴᠢ ᠪᠢᠴᠢᠭ ᠮᠠᠲ᠋ᠧᠷᠢᠶᠠᠯ ᠢ | ᠡᠵᠡᠮᠰᠢᠨ ᠦᠢᠯᠠᠭᠠᠭᠰᠠᠨ ᠬᠡᠮᠵᠢᠶ᠎ᠠ ᠶᠢ ᠪᠠᠶᠢᠴᠠᠭᠠᠨ ᠰᠢᠯᠭᠠᠵᠤ᠂ ᠢᠳᠡᠪᠬᠢ ᠠᠵᠢᠯ ᠤᠨ ᠠᠭᠤᠷ ᠠᠮᠢᠰᠬᠤᠯ ᠢ ᠪᠤᠢ | ᠪᠤᠯᠭᠠᠨ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠬᠦᠨᠵᠡᠬᠡᠢ ᠠᠬᠢᠭᠤᠯᠬᠤ ᠳᠤ | ᠪᠠᠳᠤ ᠴᠢᠩᠭ᠎ᠠ ᠰᠠᠭᠤᠷᠢ ᠶᠢ ᠲᠠᠯᠪᠢᠵᠠᠢ᠃ |