| ︽ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ︾ ᠲᠤᠰᠬᠠᠢ ᠲᠡᠮᠡᠴᠡᠯ ᠤᠨ ᠠᠵᠢᠯ ᠢ ᠬᠦᠨᠵᠡᠬᠡᠢ | ᠠᠬᠢᠭᠤᠯᠤᠨ᠂ ᠦᠷᠬᠡᠨ ᠤᠯᠠᠨ ᠲᠦᠮᠡᠨ ᠤ ᠢᠳᠡᠪᠬᠢᠳᠠᠢ ᠪᠠᠷ ᠬᠠᠷ᠎ᠠ ᠪᠦᠯᠦᠭ ᠬᠠᠷᠬᠢᠰ ᠬᠦᠴᠦᠨ ᠳᠤ | ᠬᠤᠯᠪᠤᠭᠳᠠᠭᠰᠠᠨ ᠶᠠᠯᠠᠳᠤ ᠠᠵᠢᠯᠯᠠᠭ᠎ᠠ ᠶᠢᠨ ᠰᠦᠪᠡᠭᠴᠢ ᠶᠢ ᠢᠯᠡᠴᠢᠯᠠᠨ ᠮᠡᠳᠡᠬᠦᠯᠬᠦ ᠶᠢ ᠲᠠᠶᠢᠴᠢᠯᠠᠬᠤ ᠪᠠᠷ᠂ ᠦᠢᠷ᠎ᠠ | ᠳᠤ᠂ ᠱᠢ ᠡᠯ ᠲᠤ ᠲᠤᠮᠢᠯᠠᠭᠰᠠᠨ ᠰᠠᠯᠪᠤᠷᠢ ᠨᠢ ᠴᠠᠭᠳᠠᠭ᠎ᠠ ᠶᠢ ᠵᠤᠬᠢᠶᠠᠨ ᠪᠠᠶᠢᠭᠤᠯᠵᠤ ᠡᠯ᠎ᠡ ᠲᠤᠰᠬᠤᠨ ᠳᠤ ᠬᠦᠷᠴᠦ | ︽ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ︾ ᠲᠤᠰᠬᠠᠢ ᠲᠡᠮᠡᠴᠡᠯ ᠤᠨ ᠤᠬᠠᠭᠤᠯᠭ᠎ᠠ ᠶᠢᠨ ᠠᠵᠢᠯᠯᠠᠭᠠᠨ | ᠦᠷᠨᠢᠬᠦᠯᠪᠡ᠃ | ᠴᠠᠭᠳᠠᠭ᠎ᠠ ᠨᠠᠷ ᠠᠴᠠ ᠡᠯ᠎ᠡ ᠲᠤᠰᠬᠤᠨ ᠳᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠤᠷᠢᠶ᠎ᠠ | ᠯᠤᠽᠦ᠋ᠩ ᠨᠠᠭᠠᠬᠤ᠂ ᠲᠤᠬᠠᠢ ᠶᠢᠨ ᠲᠠᠯᠠᠪᠤᠷ ᠳᠤᠨᠢ ᠠᠰᠠᠭᠤᠨ ᠯᠠᠪᠯᠠᠯᠳᠠ ᠳᠤ ᠬᠠᠷᠢᠭᠤᠯᠳᠠ ᠦᠭᠬᠦ ᠬᠡᠯᠪᠡᠷᠢ ᠪᠠᠷ | ᠬᠠᠷᠢᠶᠠᠨ ᠳᠠᠬᠢ ᠤᠯᠠᠨ ᠲᠦᠮᠡᠨ ᠳᠤ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ︽ᠬᠠᠷ᠎ᠠ ᠪᠦᠯᠦᠭᠳᠡᠨ | ᠬᠠᠷᠬᠢᠰ ᠬᠦᠴᠦᠨ ᠢ ᠠᠷᠢᠯᠭᠠᠬᠤ︾ ᠲᠤᠰᠬᠠᠢ ᠠᠵᠢᠯᠯᠠᠭ᠎ᠠ ᠦᠷᠨᠢᠬᠦᠯᠵᠤ ᠪᠠᠶᠢᠭ᠎ᠠ ᠵᠤᠷᠢᠯᠳᠠ᠂ ᠤᠳᠬ᠎ᠠ ᠠᠭᠤᠯᠭ᠎ᠠ᠂ | ᠭᠤᠤᠯᠳᠠᠯᠭ᠎ᠠ ᠳᠤ ᠴᠤᠬᠢᠯᠳᠠ ᠦᠭᠬᠦ ᠵᠢᠴᠢ ᠬᠠᠷ᠎ᠠ ᠪᠦᠯᠦᠭᠳᠡᠨ ᠬᠠᠷᠬᠢᠰ ᠬᠦᠴᠦᠨ ᠤ ᠨᠡᠶᠢᠬᠡᠮ ᠳᠤ ᠦᠵᠡᠬᠦᠯᠬᠦ | ᠬᠤᠤᠷ ᠬᠦᠨᠦᠬᠡᠯ ᠢ ᠲᠠᠨᠢᠯᠴᠠᠭᠤᠯᠤᠨ᠂ ᠬᠠᠷᠢᠶᠠᠨ ᠳᠠᠬᠢ ᠤᠯᠠᠨ ᠲᠦᠮᠡᠨ ᠢ ᠢᠳᠡᠪᠬᠢᠳᠠᠢ ᠪᠠᠷ ᠬᠠᠷ᠎ᠠ ᠪᠦᠯᠦᠭᠳᠡᠨ | ᠬᠠᠷᠬᠢᠰ ᠬᠦᠴᠦᠨ᠂ ᠡᠯ᠎ᠡ ᠲᠦᠷᠦᠯ ᠤᠨᠬᠠᠷᠠ ᠪᠦᠯᠦᠭᠳᠡᠨ ᠬᠠᠷᠬᠢᠰ ᠬᠦᠴᠦᠨ ᠤ ᠶᠠᠯᠠᠳᠤ ᠠᠵᠢᠯᠯᠠᠭ᠎ᠠ ᠳᠤ | ᠬᠤᠯᠪᠤᠭᠳᠠᠭᠰᠠᠨ ᠬᠡᠷᠡᠭ ᠶᠠᠪᠤᠳᠠᠯ᠂ ᠤᠯᠠᠨ ᠲᠦᠮᠡᠨ ᠢ ᠮᠡᠬᠡᠯᠡᠨ ᠲᠠᠷᠤᠯᠠᠭᠰᠠᠨ ᠵᠡᠷᠬᠡ ᠬᠠᠤᠯᠢ ᠵᠦᠷᠢᠴᠡᠭᠰᠡᠨ ᠶᠠᠯᠠᠳᠤ | ᠠᠵᠢᠯᠯᠠᠭ᠎ᠠ ᠶᠢᠨ ᠰᠦᠪᠡᠭᠴᠢ ᠪᠤᠯᠤᠨ ᠬᠡᠷᠡᠴᠢ ᠶᠢ ᠢᠯᠡᠴᠢᠯᠡᠨ ᠮᠡᠳᠡᠬᠦᠯᠬᠦ ᠶᠢ ᠤᠷᠢᠶᠠᠯᠠᠵᠤ᠂ ᠠᠷᠠᠳ ᠤᠯᠠᠨ ᠢ | ᠵᠤᠷᠢᠭᠳᠠᠢ ᠪᠠᠷ ᠦᠪᠡᠷ ᠤᠨ ᠪᠡᠶ᠎ᠠ ᠶᠢᠨ ᠡᠷᠬᠡ ᠠᠰᠢᠭ ᠢ ᠬᠠᠮᠠᠭᠠᠯᠠᠨ᠂ ᠦᠪᠡᠷ ᠤᠨ ᠤᠬᠠᠮᠰᠠᠷ ᠠᠴᠠ ᠬᠠᠷ᠎ᠠ | ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠠᠵᠢᠯᠯᠠᠭ᠎ᠠ ᠳᠤ ᠤᠷᠤᠯᠴᠠᠬᠤ ᠶᠢ | ᠵᠤᠷᠢᠭᠵᠢᠭᠤᠯᠵᠠᠢ᠃ | ᠲᠤᠰ ᠤᠳᠠᠭᠠᠨ ᠤ ᠤᠬᠠᠭᠤᠯᠭ᠎ᠠ ᠪᠠᠷ ᠲᠠᠮᠵᠢᠨ᠂ ᠬᠠᠷᠢᠶᠠᠨ ᠳᠠᠬᠢ ᠠᠷᠠᠳ ᠤᠯᠠᠨ ᠤ ︽ᠬᠠᠷ᠎ᠠ ᠪᠦᠯᠦᠭᠳᠡᠨ | ᠬᠠᠷᠬᠢᠰ ᠬᠦᠴᠦᠨ ᠢ ᠠᠷᠢᠯᠭᠠᠬᠤ︾ ᠠᠵᠢᠯ ᠤᠨ ᠲᠠᠨᠢᠯᠳᠠ ᠶᠢ ᠲᠡᠬᠡᠭᠰᠢᠯᠡᠬᠦᠯᠦᠨ᠂ ᠢᠳᠡᠬᠡᠯ ᠵᠤᠷᠢᠭ ᠢ | ᠬᠦᠪᠴᠢᠯᠡᠵᠤ᠂ ᠨᠡᠶᠢᠬᠡᠮ ᠤᠨ ᠡᠯ᠎ᠡ ᠡᠳᠡᠬᠡᠳ ᠤᠨ ᠬᠠᠯᠠᠮᠵᠢᠯᠠᠯ ᠲᠡᠮᠵᠢᠯᠬᠡ ᠤᠷᠤᠯᠴᠠᠯᠭ᠎ᠠ ᠶᠢᠨ ᠢᠳᠡᠪᠬᠢ ᠠᠭᠤᠷ | ᠠᠮᠢᠰᠬᠤᠯ ᠢ ᠪᠤᠢ ᠪᠤᠯᠭᠠᠵᠤ ᠴᠢᠳᠠᠵᠠᠢ᠃ |