ᠪᠤᠳᠠᠳᠤ ᠦᠵᠡᠭᠳᠡᠯᠳᠦ ᠶᠠᠷᠢᠶᠠᠳᠦ ᠵᠦᠴᠦᠬᠡ ︽ᠤᠯᠠᠭᠠᠨ ᠬᠤᠷᠤᠭᠤᠨ‌ᠤᠷᠤᠮ︾ ᠢ ᠮᠠᠨ ᠤ ᠰᠢᠶᠠᠨ ᠳᠤ ᠲᠤᠭᠯᠠᠪᠠ
ᠨᠡᠶᠢᠲᠡᠯᠡᠭᠰᠡᠨ ᠴᠠᠭ᠄
2019-06-11
                       6 ᠰᠠᠷ᠎ᠠ ᠶᠢᠨ4 ᠤ ᠤᠷᠤᠢ᠂ ᠰᠢᠶᠠᠨ ᠤ ᠤᠯᠠᠭᠠᠨᠮᠦ᠋ᠴᠢᠷ ᠤᠨ ᠵᠦᠴᠦᠬᠡ ᠶᠢᠨ ᠲᠠᠯᠠᠪᠠᠢ ᠳᠤ ᠪᠦᠬᠦ ᠰᠢᠶᠠᠨ ᠤ ᠲᠤᠰᠬᠤᠨ ᠳᠤ ᠰᠠᠭᠤᠭ᠎ᠠ ᠶᠠᠳᠠᠭᠤ ᠶᠢ ᠲᠡᠳᠬᠦᠬᠦ ᠠᠵᠢᠯᠯᠠᠬᠤ ᠠᠩᠬᠢ ᠶᠢᠨ ᠬᠡᠰᠢᠬᠦᠨ᠂ ᠶᠠᠳᠠᠭᠤ ᠶᠢ ᠲᠡᠳᠬᠦᠬᠦ ᠺᠠᠳ᠋ᠷ ᠪᠤᠯᠤᠨ ᠬᠡᠰᠡᠭ ᠰᠠᠭᠤᠭᠠᠯᠢ ᠠᠷᠠᠳ ᠠᠴᠠ ᠨᠢᠬᠡᠨ ᠲᠠᠯᠠᠪᠠᠢ ᠭᠤᠴᠤ ᠰᠠᠶᠢᠬᠠᠨ ᠪᠤᠳᠠᠳᠤ ᠦᠵᠡᠭᠳᠡᠯᠳᠦ ᠶᠠᠷᠢᠶᠠᠳᠦ ᠵᠦᠴᠦᠬᠡ ︽ᠤᠯᠠᠭᠠᠨ ᠬᠤᠷᠤᠭᠤᠨ ᠤᠷᠤᠮ︾   ᠢ ᠬᠠᠮᠳᠤᠪᠠᠷ ᠰᠤᠨᠢᠷᠬᠠᠭᠰᠠᠨ ᠪᠠᠶᠢᠨ᠎ᠠ᠃
     ᠲᠤᠰ ᠵᠦᠴᠦᠬᠡ ᠨᠢ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ ᠤᠨ ︽ᠵᠠᠯᠠᠭᠤ ᠤᠷᠠᠯᠢᠭᠴᠢᠳ ᠤᠨ ᠤᠬᠢ ᠰᠢᠯᠢᠳᠡᠭ ᠴᠢᠳᠠᠪᠤᠷᠢᠳᠠᠨ ᠢ ᠪᠤᠯᠪᠠᠰᠤᠷᠠᠭᠤᠯᠬᠤ ᠲᠦᠯᠦᠪᠯᠡᠭᠡ︾ ᠶᠢᠨ ᠲᠦᠷᠦᠯ ᠵᠦᠢᠯ ᠪᠤᠯᠤᠭᠰᠠᠨ ᠤ ᠬᠤᠪᠢ ᠳᠤ᠂ 2018 ᠤᠨ ᠤ 12 ᠰᠠᠷ᠎ᠠ ᠳᠤ ᠬᠦᠬᠡᠬᠤᠳᠠ ᠳᠤ ᠠᠩᠬ᠎ᠠ ᠲᠤᠭᠯᠠᠵᠤ᠂ ᠡᠯ᠎ᠡ ᠡᠳᠡᠬᠡᠳ ᠤᠨ ᠺᠠᠳ᠋ᠷ ᠤᠯᠠᠨ ᠲᠦᠮᠡᠨ ᠤ ᠰᠠᠶᠢᠨ ᠦᠨᠡᠯᠡᠯᠳᠠ ᠶᠢ ᠤᠯᠤᠭᠰᠠᠨ ᠪᠠᠶᠢᠨ᠎ᠠ᠃ ᠲᠡᠷᠠ ᠨᠢ ᠦᠪᠡᠷᠳᠡᠬᠡᠨ ᠵᠠᠰᠠᠬᠤ ᠤᠷᠤᠨ ᠠᠴᠠ ᠤᠯᠠᠭᠠᠨᠴᠠᠪ ᠬᠤᠳᠠ ᠶᠢᠨ ᠴᠠᠬᠠᠷ ᠪᠠᠷᠠᠭᠤᠨ ᠭᠠᠷᠤᠨ ᠲᠤᠮᠳᠠ ᠬᠤᠰᠢᠭᠤᠨ ᠳᠤ ᠲᠤᠮᠢᠯᠠᠨ ᠰᠠᠭᠤᠯᠭᠠᠵᠤ ᠪᠠᠶᠢᠭ᠎ᠠ ᠶᠠᠳᠠᠭᠤ ᠶᠢ ᠲᠡᠳᠬᠦᠬᠦ ᠺᠠᠳ᠋ᠷ᠂ ᠠᠷᠣ ᠶᠢᠨ ᠵᠤ ᠲᠤᠰᠬᠤᠨ ᠤ ᠨᠢᠬᠡᠳᠦᠬᠡᠷ ᠱᠦᠵᠢ᠂ ︽ᠤᠮᠠᠷᠠᠳᠤ ᠬᠢᠯᠢ ᠶᠢᠨ ᠬᠡᠪ ᠲᠠᠭᠤᠷᠢᠶᠠᠯ︾ ᠵᠢᠶᠧ ᠯᠢᠶᠠᠩ ᠤᠨ ᠦᠯᠢᠬᠡᠷ ᠢ ᠦᠨᠡᠨ ᠪᠤᠳᠠᠳᠠᠢ ᠪᠠᠷ ᠬᠠᠷᠠᠭᠤᠯᠤᠨ᠂ ᠶᠠᠳᠠᠭᠤ ᠶᠢ ᠲᠡᠳᠬᠦᠬᠦ ᠺᠠᠳ᠋ᠷ ᠤᠨ ᠤᠯᠠᠨ ᠲᠦᠮᠡᠨ ᠤ ᠰᠡᠵᠢᠭᠯᠡᠯ ᠳᠤ ᠤᠴᠠᠷᠠᠭᠰᠠᠨ᠂ ᠬᠡᠷ ᠤᠨ ᠬᠦᠮᠦᠰ ᠨᠢ ᠠᠳᠡᠬᠦᠦ ᠦᠢᠯᠠᠭᠠᠭᠰᠠᠨ ᠤᠯᠠᠨ ᠵᠦᠢᠯ ᠤᠨ ᠬᠦᠴᠢᠷ ᠲᠦᠪᠡᠭ ᠢ ᠵᠤᠷᠢᠭᠳᠠᠢ ᠪᠠᠷ ᠢᠯᠠᠨ ᠲᠠᠪᠠᠵᠤ᠂ ᠨᠢᠬᠡ ᠰᠡᠳᠬᠢᠯ ᠢᠶᠠᠷ ᠠᠷᠠᠳ ᠤᠨ ᠲᠦᠯᠦᠬᠡ ᠴᠢᠷᠮᠠᠶᠢᠵᠤ᠂ ᠲᠤᠬᠠᠢ ᠶᠢᠨ ᠭᠠᠵᠠᠷ ᠤᠷᠤᠨ ᠳᠤᠨᠢ ᠲᠤᠬᠢᠷᠠᠭᠤᠯᠤᠨ᠂ ᠰᠢᠨᠵᠢᠯᠡᠬᠦ ᠤᠬᠠᠭᠠᠨᠴᠢ  ᠪᠠᠷ ᠲᠦᠯᠦᠪᠵᠢᠬᠦᠯᠦᠨ᠂ ᠬᠠᠮᠤᠭ ᠡᠴᠦᠰ ᠲᠤᠰᠬᠤᠨ ᠤ ᠠᠷᠠᠳ ᠢ ᠲᠠᠭᠠᠭᠤᠯᠤᠨ ᠲᠠᠶᠢᠴᠢᠯᠠᠵᠤ ᠠᠵᠤ ᠦᠢᠯᠡᠰ ᠢᠶᠠᠷ ᠶᠠᠳᠠᠭᠤ ᠠᠴᠠ ᠠᠩᠬᠢᠵᠢᠷᠠᠭᠤᠯᠬᠤ ᠵᠠᠮ ᠳᠤ ᠭᠠᠷᠤᠭᠰᠠᠨ ᠰᠡᠳᠬᠢᠯ ᠬᠦᠳᠡᠯᠬᠡᠮ᠎ᠠ ᠦᠯᠢᠬᠡᠷ ᠢ ᠵᠢᠷᠤᠭᠯᠠᠭᠰᠠᠨ ᠪᠠᠶᠢᠨ᠎ᠠ᠃ ᠡᠬᠦᠨ ᠢᠶᠠᠷ ᠲᠠᠮᠵᠢᠭᠤᠯᠤᠨ ᠪᠦᠬᠦ ᠤᠷᠤᠨ ᠤ ᠦᠷᠬᠡᠨ ᠤᠯᠠᠨ ᠶᠠᠳᠠᠭᠤ ᠶᠢ ᠲᠡᠳᠬᠦᠬᠦ ᠺᠠᠳ᠋ᠷ ᠪᠤᠯᠤᠨ ᠮᠠᠯᠴᠢᠨ ᠲᠠᠷᠢᠶᠠᠴᠢᠨ ᠤᠯᠠᠨ ᠲᠦᠮᠡᠨ ᠤ ᠨᠠᠮ ᠤᠨ ᠲᠦᠪ ᠬᠤᠷᠢᠶ᠎ᠠ   ᠶᠢᠨ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ ᠶᠠᠳᠠᠭᠤ  ᠠᠴᠠ ᠠᠩᠬᠢᠵᠢᠷᠠᠭᠤᠯᠬᠤ ᠲᠠᠶᠢᠯᠠᠯᠳᠤᠭᠠᠨ ᠤ ᠢᠳᠡᠬᠡᠯ ᠵᠤᠷᠢᠭ ᠢ ᠴᠢᠩᠭ᠎ᠠ ᠲᠤᠰᠬᠠᠨ᠂ ᠦᠪᠦᠷ ᠮᠤᠩᠭᠤᠯ ᠤᠨ ᠡᠯ᠎ᠡ ᠱᠠᠳᠤᠨ ᠤ ᠨᠠᠮ ᠤᠨ ᠬᠡᠰᠢᠬᠦᠨ ᠺᠠᠳ᠋ᠷ ᠨᠢ ᠨᠠᠷᠢᠯᠢᠭ ᠤᠨᠤᠪᠴᠢᠳᠠᠢ ᠶᠠᠳᠠᠭᠤ ᠶᠢ ᠲᠡᠳᠬᠦᠬᠦ ᠶᠠᠪᠤᠴᠠ ᠳᠤ ᠦᠨᠳᠦᠰᠦᠨ ᠱᠠᠳᠤᠨ ᠤ ᠤᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠤᠯᠴᠠᠭᠰᠠᠨ ᠬᠠᠯᠠᠭᠤᠨ ᠲᠤᠯᠠᠭᠠᠨ ᠦᠯᠢᠬᠡᠷ ᠦᠢᠯᠠ ᠶᠠᠪᠤᠳᠠᠯ ᠢ ᠲᠠᠬᠢᠨ ᠬᠠᠷᠠᠭᠤᠯᠵᠤ᠂ ᠶᠠᠳᠠᠭᠤ ᠶᠢ ᠲᠡᠳᠬᠦᠬᠦ ᠺᠠᠳ᠋ᠷᠴᠤᠳ ᠤᠨ ᠤᠯᠠᠨ ᠲᠦᠮᠡᠨ ᠤ ᠲᠦᠯᠦᠬᠡ ᠰᠠᠨᠠᠭᠠᠰᠢᠷᠠᠵᠤ᠂ ᠵᠤᠷᠢᠭᠳᠠᠢ ᠡᠬᠦᠷᠬᠡᠯᠡᠨ᠂ ᠶᠠᠳᠠᠷᠠᠯ ᠵᠦᠳᠡᠷᠡᠯ ᠢ ᠬᠠᠶᠢᠬᠤᠷᠤᠯ ᠦᠬᠡᠢ᠂ ᠨᠡᠮᠡᠷᠢ ᠬᠠᠨᠳᠢᠪ ᠢᠶᠠᠨ ᠦᠵᠡᠬᠦᠯᠦᠭᠰᠡᠨ ᠡᠷᠬᠢᠮ ᠲᠡᠬᠡᠳᠦ ᠵᠤᠷᠢᠭ ᠰᠠᠨᠠᠭ᠎ᠠ ᠶᠢ ᠮᠠᠭᠳᠠᠨ ᠲᠠᠭᠤᠯᠠᠵᠠᠢ᠃       ᠮᠠᠨ ᠤ ᠰᠢᠶᠠᠨ ᠨᠢ 2018 ᠤᠨ ᠳᠤ ᠪᠦᠬᠦ ᠤᠷᠤᠨ ᠳᠤ ᠲᠦᠷᠦᠬᠦᠯᠡᠨ ᠤᠯᠤᠰ ᠤᠨ ᠶᠠᠳᠠᠭᠤ ᠬᠦᠴᠢᠷᠳᠠᠢ ᠰᠢᠶᠠᠨ ᠠᠴᠠ ᠤᠬᠤᠷᠢᠨ ᠭᠠᠷᠴᠤ᠂ ᠪᠦᠬᠦ ᠤᠯᠤᠰ ᠤᠨ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠰᠢᠯᠳᠡᠭ ᠵᠤᠬᠢᠶᠠᠨ ᠪᠠᠶᠢᠭᠤᠯᠵᠤ ᠰᠢᠨ᠎ᠠ ᠶᠢ ᠡᠬᠦᠳᠦᠭᠰᠡᠨ ᠱᠠᠩᠨᠠᠯ ᠢ ᠬᠦᠷᠳᠡᠵᠠᠢ᠂ ᠶᠠᠳᠠᠭᠤ ᠠᠴᠠ ᠠᠩᠬᠢᠵᠢᠷᠠᠭᠤᠯᠬᠤ ᠲᠠᠶᠢᠯᠠᠯᠳᠤᠭᠠᠨ ᠤ ᠲᠤᠮᠳᠠ᠂ ᠨᠢᠬᠡ ᠪᠦᠯᠦᠭ ᠲᠤᠪ ᠲᠤᠭᠤᠢ᠂ ᠬᠠᠷᠠᠮ ᠦᠬᠡᠢ ᠵᠢᠳᠬᠦᠯ ᠢᠶᠠᠨ ᠦᠵᠡᠬᠦᠯᠦᠨ᠂ ᠦᠷᠬᠡᠨ ᠤᠯᠠᠨ ᠠᠷᠠᠳ ᠲᠦᠮᠡᠨ ᠢ ᠲᠠᠶᠢᠴᠢᠯᠠᠨ ᠲᠠᠭᠠᠭᠤᠯᠵᠤ ᠶᠠᠳᠠᠭᠤ ᠠᠴᠠ ᠠᠩᠬᠢᠵᠢᠷᠠᠭᠤᠯᠤᠨ ᠴᠢᠨᠡᠬᠡᠯᠢᠭᠵᠢᠬᠦ ᠵᠠᠮ ᠳᠤ ᠲᠠᠭᠠᠭᠤᠯᠤᠭᠰᠠᠨ ᠵᠢᠶᠧ ᠯᠢᠶᠠᠩ ᠰᠢᠭ ᠲᠤᠰᠬᠤᠨ ᠳᠤ ᠰᠠᠭᠤᠭ᠎ᠠ ᠺᠠᠳ᠋ᠷ ᠪᠤᠯᠤᠨ ᠨᠢᠬᠡᠳᠦᠬᠡᠷ ᠱᠦᠵᠢ ᠢᠯᠡᠷᠡᠭᠰᠡᠨ ᠪᠠᠶᠢᠨ᠎ᠠ᠃ ︽ᠤᠯᠠᠭᠠᠨ ᠬᠤᠷᠤᠭᠤᠨ ᠤᠷᠤᠮ︾ ᠳᠤ ᠲᠡᠳᠡᠨᠠᠷ ᠤᠨ ᠶᠠᠳᠠᠭᠤ ᠬᠦᠴᠢᠷᠳᠠᠢ ᠡᠷᠦᠬᠡ ᠲᠠᠢ ᠰᠡᠳᠬᠢᠯ ᠵᠢᠷᠤᠬᠡ ᠪᠠᠨ ᠬᠤᠯᠪᠤᠯᠴᠠᠭᠰᠠᠨ ᠰᠡᠳᠬᠢᠯ ᠬᠦᠳᠡᠯᠬᠡᠮ᠎ᠠ ᠦᠵᠡᠭᠳᠡᠯ ᠢ ᠠᠮᠢᠳᠤᠯᠢᠭ ᠪᠤᠳᠠᠳᠠᠢ ᠬᠠᠷᠠᠭᠤᠯᠤᠨ᠂ ᠬᠦᠮᠦᠰ ᠤᠨ ᠵᠤᠷᠢᠭ ᠢ ᠬᠦᠪᠴᠢᠯᠡᠬᠦ ᠶᠢᠨ ᠬᠠᠮᠳᠤ ᠤᠷᠠᠨ ᠰᠠᠶᠢᠬᠠᠨ ᠤ ᠪᠦᠳᠦᠬᠡᠯ ᠤᠨ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠲᠤᠮᠳᠠᠬᠢ ᠤᠶᠤᠨ ᠤᠬᠠᠭᠠᠨ ᠡᠷᠴᠢ ᠵᠤᠷᠢᠭ ᠢᠶᠠᠷ ᠲᠡᠳᠬᠦᠬᠦ ᠦᠪᠡᠷᠮᠢᠴᠠ ᠦᠢᠯᠡᠳᠦᠯ ᠢ ᠪᠠᠳᠠᠷᠠᠭᠤᠯᠵᠤ᠂ ᠮᠦᠨᠴᠦ ︽ᠵᠤᠯ ᠵᠢᠷᠭᠠᠯᠳᠤ ᠠᠮᠢᠳᠤᠷᠠᠯ ᠢ ᠴᠢᠷᠮᠠᠶᠢᠨ ᠲᠡᠮᠡᠴᠡᠵᠤ ᠤᠯᠬᠤ︾ ᠪᠤᠷᠤᠭᠵᠢᠭᠤᠨ ᠶᠤᠰᠤ ᠤᠴᠢᠷ ᠢ ᠬᠦᠮᠦᠰ ᠲᠤ ᠤᠬᠠᠭᠠᠷᠠᠭᠤᠯᠤᠭᠰᠠᠨ ᠪᠠᠶᠢᠨ᠎ᠠ᠃     ︽ᠤᠯᠠᠭᠠᠨ ᠬᠤᠷᠤᠭᠤᠨ ᠤᠷᠤᠮ︾ ᠢ ᠮᠠᠨ ᠤ ᠰᠢᠶᠠᠨ ᠳᠤ ᠲᠤᠭᠯᠠᠭᠰᠠᠨ ᠨᠢ ᠦᠪᠡᠷᠳᠡᠬᠡᠨ ᠵᠠᠰᠠᠬᠤ ᠤᠷᠤᠨ  ᠤ ᠬᠠᠮᠢᠶ᠎ᠠ ᠪᠦᠬᠦᠢ ᠰᠠᠯᠠᠭ᠎ᠠ ᠮᠦᠴᠢᠷ ᠪᠤᠯᠤᠨ ᠤᠳᠤᠷᠢᠳᠤᠯᠭ᠎ᠠ ᠠᠴᠠ ᠮᠠᠨ ᠤ ᠰᠢᠶᠠᠨ ᠤ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠠᠵᠢᠯ ᠳᠠᠬᠢ ᠠᠩᠬᠠᠷᠤᠯ ᠬᠠᠯᠠᠮᠵᠢᠯᠠᠯ ᠪᠤᠯᠤᠨ ᠬᠦᠢᠴᠡᠳ ᠦᠨᠡᠯᠡᠯᠳᠠ ᠶᠢ ᠬᠠᠷᠠᠭᠤᠯᠤᠨ᠂ ᠯᠢᠨᠰᠢ ᠶᠢᠨ ᠠᠷᠠᠳ ᠲᠦᠮᠡᠨ ᠤ ᠶᠠᠳᠠᠭᠤ ᠠᠴᠠ ᠠᠩᠬᠢᠵᠢᠷᠠᠨ ᠬᠠᠮᠳᠤᠪᠠᠷ ᠴᠢᠨᠡᠬᠡᠯᠢᠭᠵᠢᠬᠦ ᠢᠳᠡᠬᠡᠯ ᠵᠤᠷᠢᠭ ᠢ ᠬᠦᠭᠵᠢᠬᠡᠵᠠᠢ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号