ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠤᠪᠴᠢᠶ᠎ᠠ ᠶᠢᠨ ᠤᠳᠤᠷᠢᠳᠤᠯᠭ᠎ᠠ ᠴᠧᠩ ᠨᠠᠨ ᠵᠡᠬᠡᠯᠢ ᠭᠤᠳᠤᠮᠵᠢ ᠶᠢᠨ ᠰᠢᠤᠸᠠᠢ ᠹᠦ᠋ ᠨᠡᠶᠢᠬᠡᠮ ᠲᠤᠭᠤᠷᠢᠭ ᠲᠤ ᠬᠦᠷᠴᠦ ᠠᠵᠢᠯ ᠪᠠᠶᠢᠴᠠᠭᠠᠨ ᠵᠢᠯᠤᠭᠤᠳᠪᠠ
ᠨᠡᠶᠢᠲᠡᠯᠡᠭᠰᠡᠨ ᠴᠠᠭ᠄
2019-06-18
       ᠨᠡᠶᠢᠬᠡᠮ ᠲᠤᠭᠤᠷᠢᠭ ᠤᠨ ᠴᠡᠷᠢᠭ ᠢ ᠬᠦᠷᠢᠶᠠᠯᠠᠨ ᠬᠡᠷ ᠪᠦᠯᠢ ᠶᠢ ᠨᠢ ᠬᠠᠷᠠᠭᠠᠯᠵᠠᠬᠤ᠂ ᠵᠠᠰᠠᠭ ᠢᠶᠠᠨ ᠬᠦᠷᠢᠶᠠᠯᠠᠨ ᠠᠷᠠᠳ ᠢᠶᠠᠨ ᠬᠠᠶᠢᠷᠠᠯᠠᠬᠤ ᠠᠵᠢᠯ ᠢ ᠯᠠᠪᠳᠠᠭᠤᠨ ᠰᠠᠶᠢᠳᠤᠷ ᠬᠢᠵᠤ᠂ ᠨᠠᠮ ᠪᠠ ᠵᠠᠰᠠᠭ ᠤᠨ ᠴᠡᠷᠢᠭ ᠬᠦᠮᠦᠨ ᠤ ᠬᠠᠶᠢᠷ᠎ᠠ ᠬᠠᠯᠠᠮᠵᠢ ᠶᠢ ᠢᠯᠡᠷᠡᠬᠦᠯᠦᠨ᠂ ᠴᠡᠷᠢᠭ ᠢ ᠬᠦᠷᠢᠶᠠᠯᠠᠨ ᠬᠡᠷ ᠪᠦᠯᠢ ᠶᠢ ᠨᠢ ᠬᠠᠷᠠᠭᠠᠯᠵᠠᠬᠤ ᠨᠡᠶᠢᠬᠡᠮ ᠎ ᠤᠨ ᠠᠭᠤᠷ ᠠᠮᠢᠰᠬᠤᠯ ᠢ ᠪᠤᠢ ᠪᠤᠯᠭᠠᠬᠤ ᠶᠢᠨ ᠲᠦᠯᠦᠬᠡ᠂ 5 ᠰᠠᠷ᠎ᠠ ᠶᠢᠨ29᠎ ᠤ ᠦᠳᠠ ᠶᠢᠨ ᠬᠤᠶᠢᠨ᠎ᠠ᠂ ᠰᠢᠶᠠᠨ ᠎ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠤᠪᠴᠢᠶ᠎ᠠ ᠶᠢᠨ ᠮᠤ᠋ ᠬᠤᠩ ᠲᠤᠤ ᠲᠠᠷᠤᠭ᠎ᠠ ᠡᠴᠡ‌‍ᠴᠧᠩ ᠨᠠᠨ ᠵᠡᠬᠡᠯᠢ ᠭᠤᠳᠤᠮᠵᠢ ᠶᠢᠨ ᠰᠢᠤᠸᠠᠢ ᠹᠦ᠋ ᠨᠡᠶᠢᠬᠡᠮ ᠲᠤᠭᠤᠷᠢᠭ ᠲᠤ ᠬᠦᠷᠴᠦ ᠠᠵᠢᠯ ᠪᠠᠶᠢᠴᠠᠭᠠᠨ ᠵᠢᠯᠤᠭᠤᠳᠪᠠ  ᠃ ᠨᠡᠶᠢᠬᠡᠮ ᠲᠤᠭᠤᠷᠢᠭ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠪᠠᠷ᠎ᠠ ᠪᠤᠯᠵᠠᠢ᠃       ᠮᠤ᠋ ᠬᠤᠩ ᠲᠤᠤ ᠲᠠᠷᠤᠭ᠎ᠠ ᠠᠴᠠ ᠨᠡᠶᠢᠬᠡᠮ ᠲᠤᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠬᠡᠨ ᠤ ᠦᠷᠳᠡᠭᠡ ᠶᠢ ᠲᠤᠭᠤᠷᠢᠨ ᠦᠵᠡᠵᠤ᠂ ᠨᠡᠶᠢᠬᠡᠮ ᠲᠤᠭᠤᠷᠢᠭ ᠤᠨ ᠨᠠᠮ ᠤᠨ ᠶᠡᠷᠦᠩᠬᠡᠢ ᠡᠬᠦᠷ ᠤᠨ ᠬᠠᠷᠢᠭᠤᠴᠠᠯᠭᠠᠳᠠᠨ ᠤ ᠨᠡᠶᠢᠬᠡᠮ ᠲᠤᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠬᠡᠨ ᠤ ᠦᠷᠳᠡᠭᠡ ᠎ ᠶᠢᠨ ᠪᠠᠶᠢᠭᠤᠯᠤᠯᠳᠠ ᠶᠢᠨ ᠪᠠᠶᠢᠳᠠᠯ ᠵᠢᠴᠢ ᠢᠷᠠᠭᠤ ᠠᠯᠳᠠᠷ ᠤᠨ ᠫᠠᠶᠢᠰᠠ ᠶᠢ ᠲᠠᠷᠬᠠᠭᠠᠭᠰᠠᠨ ᠪᠠᠶᠢᠳᠠᠯ ᠤᠨ ᠬᠠᠷᠢᠭᠤ ᠮᠡᠳᠡᠬᠦᠯᠦᠯᠳᠠ ᠶᠢ ᠰᠤᠨᠤᠰᠪᠠ᠃ ᠮᠤ᠋ ᠬᠤᠩ ᠲᠤᠤ ᠠᠴᠠ ᠴᠡᠷᠢᠭ ᠠᠴᠠ ᠬᠠᠯᠠᠭᠳᠠᠭᠰᠳ ᠤᠨ ᠦᠢᠯᠡᠴᠢᠯᠡᠬᠡᠨ ᠤ ᠦᠷᠳᠡᠭᠡ ᠶᠢᠨ ᠪᠦᠳᠦᠬᠡᠨ ᠪᠠᠶᠢᠭᠤᠯᠤᠯᠳᠠ ᠶᠢᠨ ᠠᠵᠢᠯ ᠤᠨ ᠤᠯᠤᠭᠰᠠᠨ ᠦᠷ᠎ᠠ ᠪᠦᠳᠦᠮᠵᠢ ᠳᠤ ᠬᠦᠢᠴᠡᠳ ᠨᠤᠳᠠᠯᠠᠯᠳᠠ ᠦᠭᠬᠦ ᠶᠢᠨ ᠬᠠᠮᠳᠤ ᠦᠷᠬᠦᠯᠵᠢᠯᠡᠨ ᠴᠢᠷᠮᠠᠶᠢᠵᠤ᠂ ᠤᠨᠴᠠᠯᠢᠭ ᠢ ᠡᠬᠦᠳᠦᠨ᠂ ᠴᠡᠷᠢᠭ ᠠᠴᠠ ᠬᠠᠯᠠᠭᠳᠠᠭᠰᠠᠳ ᠤᠨ ᠦᠢᠯᠡᠳᠦᠯ ᠢ ᠬᠦᠢᠴᠡᠳ ᠪᠠᠳᠠᠷᠠᠭᠤᠯᠵᠤ᠂ ᠮᠦᠨᠴᠦ ᠦᠷᠬᠡᠨ ᠤᠯᠠᠨ ᠴᠡᠷᠢᠭ ᠠᠴᠠ ᠬᠠᠯᠠᠭᠳᠠᠰᠠᠳ ᠲᠤ ᠬᠠᠯᠠᠭᠤᠨ ᠲᠤᠯᠠᠭᠠᠨ ᠬᠡᠷ ᠤᠷᠤᠨ ᠲᠠᠢ ᠪᠠᠶᠢᠯᠭᠠᠬᠤ ᠬᠡᠷᠡᠭᠳᠠᠢ ᠬᠡᠵᠠᠢ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号