| ᠦᠷᠬᠡᠨ ᠤᠯᠠᠨ ᠪᠠᠭᠰᠢ ᠰᠤᠷᠤᠭᠴᠢᠳ ᠤᠨ ᠬᠤᠤᠷ ᠴᠠᠭᠠᠵᠠᠯᠠᠬᠤ ᠬᠤᠤᠷ ᠰᠡᠷᠬᠡᠶᠢᠯᠡᠬᠦ ᠲᠠᠨᠢᠯᠳᠠ ᠪᠤᠯᠤᠨ | ᠴᠢᠳᠠᠪᠤᠷᠢ ᠶᠢ ᠲᠡᠭᠡᠭᠰᠢᠯᠡᠬᠦᠯᠦᠨ᠂ ᠨᠢᠬᠡᠨ ᠠᠮᠤᠷ ᠲᠦᠪᠰᠢᠨ ᠲᠠᠭᠠᠯᠠᠮᠵᠢᠳᠠᠢ ᠰᠤᠷᠤᠯᠭ᠎ᠠ ᠠᠮᠢᠳᠤᠷᠠᠯ ᠤᠨ ᠤᠷᠴᠢᠨ | ᠲᠤᠭᠤᠷᠢᠨ ᠢ ᠪᠤᠢ ᠪᠤᠯᠭᠠᠬᠤ ᠶᠢᠨ ᠲᠦᠯᠦᠬᠡ᠂ ᠦᠢᠷ᠎ᠠ ᠳᠤ᠂ ᠭᠤᠸᠠᠨ ᠳ᠋ᠢ ᠲᠤᠮᠢᠯᠠᠭᠰᠠᠨ ᠰᠠᠯᠪᠤᠷᠢ ᠬᠠᠷᠢᠶᠠᠨ ᠳᠠᠬᠢ | ᠪᠠᠭ᠎ᠠ ᠰᠤᠷᠭᠠᠭᠤᠯᠢ ᠳᠤ ᠬᠤᠤᠷ ᠴᠠᠭᠠᠵᠠᠯᠠᠬᠤ ᠬᠦᠮᠦᠵᠢᠯ ᠤᠨ ᠠᠵᠢᠯᠯᠠᠭᠠᠨ ᠦᠷᠨᠢᠬᠦᠯᠪᠡ᠃ | ᠠᠵᠢᠯᠯᠠᠭᠠᠨ ᠳᠤ᠂ ᠭᠤᠸᠠᠨ ᠳ᠋ᠢ ᠲᠤᠮᠢᠯᠠᠭᠰᠠᠨ ᠰᠠᠯᠪᠤᠷᠢ ᠨᠢ ᠬᠡᠷᠡᠭ ᠤᠨ ᠵᠢᠱᠢᠶ᠎ᠠ ᠪᠤᠯᠤᠨ ᠵᠢᠷᠤᠭ ᠰᠡᠬᠦᠳᠡᠷ | ᠢᠶᠠᠷ ᠤᠯᠠᠨ ᠳᠤ ᠬᠤᠤᠷ ᠬᠡᠭᠴᠢ ᠶᠠᠭᠤ ᠪᠤᠢ᠂ ᠬᠤᠤᠷ ᠤᠨ ᠲᠦᠷᠦᠯ ᠵᠦᠢᠯ ᠵᠢᠴᠢ ᠬᠤᠤᠷ ᠬᠦᠨᠦᠬᠡᠯ ᠪᠤᠯᠤᠨ ᠰᠢᠨ᠎ᠠ | ᠬᠡᠯᠪᠡᠷᠢ ᠶᠢᠨ ᠬᠤᠤᠷ ᠢ ᠬᠡᠷᠬᠢᠨ ᠰᠡᠷᠬᠡᠶᠢᠯᠡᠬᠦ ᠶᠢ ᠲᠠᠨᠢᠯᠴᠠᠭᠤᠯᠬᠤ ᠶᠢᠨ ᠬᠠᠮᠳᠤ ᠪᠦᠬᠦ ᠪᠠᠭᠰᠢ ᠰᠤᠷᠤᠭᠴᠢᠳ ᠲᠤ | ᠬᠤᠤᠷ ᠴᠠᠭᠠᠵᠠᠯᠠᠬᠤ ᠶᠢᠨ ᠬᠠᠮᠢᠶ᠎ᠠ ᠪᠦᠬᠦᠢ ᠬᠠᠤᠯᠢ ᠴᠠᠭᠠᠵᠠ ᠶᠢᠨ ᠮᠡᠳᠡᠯᠬᠡ ᠶᠢ ᠶᠠᠷᠢᠵᠤ ᠲᠠᠶᠢᠯᠪᠤᠷᠢᠯᠠᠵᠠᠢ᠃ | ᠲᠤᠰ ᠤᠳᠠᠭᠠᠨ ᠤ ᠠᠵᠢᠯᠯᠠᠭᠠᠨ ᠨᠢ ᠤᠯᠠᠨ ᠲᠦᠮᠡᠨ ᠳᠤ ᠬᠤᠤᠷ ᠤᠨ ᠨᠡᠶᠢᠬᠡᠮ ᠪᠤᠯᠤᠨ ᠤᠯᠤᠰ ᠬᠡᠷ ᠲᠤ | ᠦᠵᠡᠬᠦᠯᠬᠦ ᠯᠤᠳᠤ ᠶᠡᠭᠡ ᠬᠦᠨᠦᠬᠡᠯ ᠢ ᠬᠦᠢᠴᠡᠳ ᠲᠠᠨᠢᠭᠤᠯᠵᠤ᠂ ᠬᠡᠷᠬᠢᠨ ᠬᠤᠤᠷ ᠪᠤᠯᠤᠨ ᠬᠤᠤᠷ ᠤᠨ ᠶᠠᠯᠠᠳᠤ | ᠠᠵᠢᠯᠯᠠᠭ᠎ᠠ ᠶᠢ ᠡᠰᠡᠷᠬᠦᠴᠡᠨ ᠬᠤᠷᠢᠭᠯᠠᠬᠤ ᠶᠢ ᠦᠢᠯᠠᠭᠠᠭᠤᠯᠤᠨ ᠂ ᠰᠠᠶᠢᠨ ᠦᠷ᠎ᠠ ᠨᠦᠯᠦᠬᠡ ᠤᠯᠤᠭᠰᠠᠨ ᠪᠠᠶᠢᠨ᠎ᠠ᠃ | |