ᠯᠢᠨᠰᠢ ᠰᠢᠶᠠᠨ ᠲᠦᠷᠪᠡ ᠶᠢ ᠪᠠᠷᠢᠮᠳᠠᠯᠠᠨ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠳᠤ ᠲᠤᠰᠠᠯᠠᠵᠤ ᠪᠠᠶᠢᠨ᠎ᠠ
ᠨᠡᠶᠢᠲᠡᠯᠡᠭᠰᠡᠨ ᠴᠠᠭ᠄
2019-06-18
     ᠯᠢᠨᠰᠢ ᠰᠢᠶᠠᠨ ︽ᠠᠵᠤ ᠦᠢᠯᠡᠰ ᠬᠦᠭᠵᠢᠭᠰᠡᠨ᠂ ᠠᠮᠢ ᠠᠬᠤᠢ ᠲᠤᠬᠢᠯᠢᠭ᠂ ᠨᠤᠳᠤᠭ ᠤᠨ ᠵᠠᠩ ᠰᠤᠷᠳᠠᠯ ᠪᠤᠯᠪᠠᠰᠤᠨ᠂ ᠵᠠᠰᠠᠨ ᠴᠡᠭᠴᠡᠯᠡᠯᠳᠠ ᠪᠦᠳᠦᠮᠵᠢᠳᠠᠢ᠂ ᠠᠮᠢᠳᠤᠷᠠᠯ ᠴᠢᠨᠡᠭᠡᠯᠢᠭ︾ ᠬᠤᠷᠢᠨ ᠦᠰᠦᠭ ᠤᠨ ᠴᠢᠭᠯᠡᠯᠳᠠ ᠎ ᠪᠠᠷ ᠤᠳᠤᠷᠢᠳᠤᠭᠤᠯᠤᠨ᠂ ᠲᠦᠯᠦᠪᠵᠢᠬᠦᠯᠬᠡ ᠪᠠᠷ ᠬᠠᠷᠠᠯᠳᠠ ᠲᠤᠳᠤ ᠪᠠᠶᠢᠬᠤ ᠶᠢ ᠪᠠᠷᠢᠮᠳᠠᠯᠠᠵᠤ᠂ ᠠᠵᠤ ᠦᠢᠯᠡᠰ ᠲᠠᠷᠢᠶᠠᠯᠠᠩ ᠠᠵᠤ ᠠᠬᠤᠢ ᠶᠢ ᠲᠠᠶᠢᠴᠢᠯᠠᠵᠤ ᠬᠦᠴᠦᠷᠬᠡᠭᠵᠢᠬᠦᠯᠦᠨ᠂ ᠲᠤᠳᠤᠨ᠎ᠠ ᠭᠠᠳᠠᠨ᠎ᠠ ᠠᠴᠠ ᠬᠠᠮᠳᠤ ᠳᠤᠨᠢ ᠵᠠᠰᠠᠨ ᠰᠠᠯᠪᠢᠵᠤ ᠲᠤᠰᠬᠤᠨ ᠢ ᠭᠤᠶᠤᠵᠢᠭᠤᠯᠤᠨ᠂ ᠤᠯᠠᠨ ᠲᠠᠯ᠎ᠠ ᠪᠠᠷ ᠲᠠᠷᠢᠶᠠᠴᠢᠳ ᠢ ᠪᠠᠶᠠᠵᠢᠭᠤᠯᠬᠤ ᠠᠷᠭ᠎ᠠ ᠵᠠᠮ ᠎ ᠢ ᠡᠬᠦᠳᠴᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠦᠴᠦᠳᠠᠢ ᠬᠡᠷᠡᠭᠵᠢᠬᠦᠯᠦᠨ᠂ ᠲᠠᠷᠢᠶᠠᠯᠠᠩ ᠦᠢᠯᠡᠰ ᠢ ᠡᠷᠡᠮᠡᠯᠵᠡᠯ ᠲᠠᠢ ᠠᠵᠤ ᠦᠢᠯᠡᠰ ᠪᠤᠯᠭᠠᠵᠤ᠂ ᠮᠠᠯᠴᠢᠨ ᠲᠠᠷᠢᠶᠠᠴᠢᠨ ᠢ ᠲᠠᠳᠠᠬᠤ ᠬᠦᠴᠦᠨ ᠲᠠᠢ ᠲᠤᠬᠠᠶᠢᠯᠠᠭᠰᠠᠨ ᠠᠵᠢᠯ ᠪᠤᠯᠭᠠᠨ᠂ ᠬᠦᠳᠡᠭᠡ ᠲᠤᠰᠬᠤᠨ ᠢ ᠠᠮᠤᠷ ᠲᠤᠭᠳᠠᠭᠤᠨ ᠤᠷᠤᠰᠢᠨ ᠠᠮᠢᠳᠤᠷᠠᠬᠤ ᠦᠵᠡᠰᠬᠦᠯᠡᠩᠳᠦ ᠬᠡᠷ ᠬᠦᠷᠢᠶᠠᠯᠠᠩ ᠪᠤᠯᠭᠠᠵᠤ᠂ ᠦᠨᠳᠦᠷ ᠴᠢᠨᠠᠷ ᠴᠢᠨᠰᠠᠭ᠎ᠠ ᠲᠠᠢ ᠬᠦᠭᠵᠢᠯᠳᠠ ᠶᠢᠨ ᠰᠢᠨ᠎ᠠ ᠠᠮᠢᠳᠤᠷᠠᠯ ᠤᠨ ᠬᠦᠴᠦᠨ ᠢ ᠪᠠᠳᠠᠷᠠᠭᠤᠯᠵᠤ ᠪᠠᠶᠢᠨ᠎ᠠ᠃      ᠲᠦᠯᠦᠪᠵᠢᠬᠦᠯᠬᠡ ᠪᠠᠷ ᠬᠠᠷᠠᠯᠳᠠ ᠲᠤᠳᠤ ᠪᠠᠶᠢᠬᠤ ᠶᠢ ᠪᠠᠷᠢᠮᠳᠠᠯᠠᠨ᠎ᠠ᠃ ᠯᠢᠨᠰᠢ ᠰᠢᠶᠠᠨ ︽ᠤᠷᠢᠳᠠᠪᠠᠷ ᠲᠦᠯᠦᠪᠵᠢᠬᠦᠯᠦᠨ᠂ ᠵᠢᠱᠢᠶᠠᠴᠢ ᠪᠠᠷ ᠲᠠᠶᠢᠴᠢᠯᠠᠨ᠂ ᠴᠡᠭ ᠢᠶᠠᠷ ᠱᠤᠭᠤᠮ ᠪᠤᠯᠭᠠᠵᠤ᠂ ᠱᠤᠭᠤᠮ ᠢᠶᠠᠷ ᠬᠡᠰᠡᠭ ᠢ ᠲᠠᠭᠠᠭᠤᠯᠬᠤ︾ ᠰᠡᠳᠬᠢᠴᠠ ᠶᠢ ᠦᠨᠳᠦᠰᠦᠯᠡᠨ᠂ ᠦᠨᠳᠦᠷ ᠴᠢᠨᠠᠷ ᠴᠢᠨᠰᠠᠭ᠎ᠠ ᠲᠠᠢ ᠪᠠᠷ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠲᠦᠯᠦᠪᠵᠢᠬᠦᠯᠬᠡ ᠶᠢ ᠨᠠᠶᠢᠷᠠᠭᠤᠯᠤᠨ ᠲᠤᠭᠳᠠᠭᠠᠵᠤ᠂ ᠬᠦᠳᠡᠭᠡ ᠲᠤᠰᠬᠤᠨ ᠤ ᠰᠤᠶᠤᠯ ᠤᠨ ᠰᠠᠭᠤᠷᠢ᠂ ᠠᠮᠢ ᠠᠬᠤᠢ ᠶᠢᠨ ᠰᠠᠭᠤᠷᠢ ᠪᠤᠯᠤᠨ ᠲᠡᠦᠬᠡ ᠶᠢᠨ ᠶᠤᠰᠤ ᠶᠢ ᠬᠦᠨᠳᠦᠯᠡᠨ ᠬᠠᠮᠠᠭᠠᠯᠬᠤ ᠶᠢ ᠪᠠᠷᠢᠮᠳᠠᠯᠠᠵᠠᠢ᠃ ᠪᠤᠷᠤ ᠲᠦᠰᠦᠪ ᠵᠢᠷᠤᠭᠯᠠᠨ ᠲᠤᠭᠳᠠᠭᠠᠬᠤ ᠶᠢ ᠪᠠᠷᠢᠮᠳᠠᠯᠠᠨ᠂ ᠦᠢᠯᠡᠳᠦᠯᠬᠡ ᠶᠢ ᠵᠢᠯᠤᠭᠤᠳᠴᠤ᠂ ᠬᠤᠳᠠ ᠶᠢᠨ ᠲᠦᠬᠦᠷᠬᠡ ᠪᠠᠷ ᠭᠤᠤᠯ ᠪᠤᠯᠭᠠᠨ᠂ ᠤᠯᠤᠰ ᠮᠤᠵᠢ ᠶᠢᠨ ᠭᠤᠤᠯ ᠱᠤᠭᠤᠮ ᠢᠶᠠᠷ ᠲᠠᠩᠬᠡᠯᠢᠭ ᠪᠤᠯᠭᠠᠵᠤ᠂ ᠪᠦᠰᠠ ᠬᠡᠪᠴᠢᠶᠠᠨ ᠤ ᠡᠬᠢ ᠪᠠᠶᠠᠯᠢᠭ ᠢ ᠨᠡᠶᠢᠳᠬᠡᠨ᠂ ᠳ᠋ᠦᠩ ᠱᠠᠨ᠂ ᠳ᠋ᠠ ᠺᠠᠩ ᠵᠡᠷᠬᠡ ᠠᠷᠪᠠᠭᠠᠳ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠵᠢᠱᠢᠶ᠎ᠠ ᠦᠵᠡᠬᠦᠯᠬᠦ ᠴᠡᠭ ᠢ ᠭᠤᠤᠯᠳᠠᠯᠭ᠎ᠠ ᠲᠠᠢ ᠪᠠᠶᠢᠭᠤᠯᠵᠤ᠂ ᠠᠵᠤ ᠦᠢᠯᠡᠰ ᠢ ᠬᠦᠭᠵᠢᠬᠦᠯᠬᠦ ᠬᠡᠯᠪᠡᠷᠢ᠂ ᠬᠦᠳᠡᠭᠡ ᠲᠤᠰᠬᠤᠨ ᠤ ᠵᠢᠭᠤᠯᠴᠢᠯᠠᠯ ᠎ ᠤᠨ ᠬᠡᠯᠪᠡᠷᠢ᠂ ᠬᠤᠳᠠ ᠶᠢᠨ ᠲᠦᠬᠦᠷᠬᠡ ᠶᠢᠨ ᠡᠷᠴᠢᠮᠵᠢᠭᠰᠡᠨ ᠬᠡᠯᠪᠡᠷᠢ᠂ ᠰᠤᠶᠤᠯ ᠢ ᠦᠪᠯᠡᠨ ᠤᠯᠠᠮᠵᠢᠯᠠᠬᠤ ᠬᠡᠯᠪᠡᠷᠢ ᠵᠡᠷᠬᠡ ᠶᠢᠨ ᠦᠪᠡᠷᠮᠢᠴᠠ ᠤᠨᠴᠠᠯᠢᠭ ᠲᠠᠢ ᠰᠢᠨ᠎ᠠ ᠬᠦᠳᠡᠭᠡ ᠲᠤᠰᠬᠤᠨ ᠢ ᠲᠦᠪᠯᠡᠷᠡᠬᠦᠯᠦᠨ ᠪᠤᠢ ᠪᠤᠯᠭᠠᠵᠤ᠂ ᠨᠢᠬᠡ ᠪᠦᠯᠦᠭ ᠤᠳᠤᠬᠢᠴᠢᠯᠠᠭᠰᠠᠨ ᠪᠤᠯᠪᠠᠰᠤᠨ ᠮᠦᠷᠳᠡᠬᠡᠨ ᠬᠦᠳᠡᠭᠡ ᠲᠤᠰᠬᠤᠨ ᠤ ᠪᠠᠶᠢᠭᠠᠯᠢᠭ ᠬᠡᠪ ᠪᠠᠶᠢᠳᠠᠯ  ᠎ ᠢᠶᠠᠨ ᠬᠠᠳᠠᠭᠠᠯᠠᠭᠰᠠᠨ ᠦᠵᠡᠰᠬᠦᠯᠡᠩᠳᠦ ᠲᠤᠰᠬᠤᠨ ᠢ ᠪᠠᠶᠢᠭᠤᠯᠪᠠ᠃        ᠠᠵᠤ ᠦᠢᠯᠡᠰ ᠢᠶᠠᠷ ᠲᠠᠶᠢᠴᠢᠯᠠᠬᠤ ᠶᠢ ᠪᠠᠷᠢᠮᠳᠠᠯᠠᠨ᠂ ᠲᠠᠷᠢᠶᠠᠯᠠᠩ ᠦᠢᠯᠡᠰ ᠢ ᠨᠡᠩ ᠬᠦᠴᠦᠷᠬᠡᠭᠵᠢᠬᠦᠯᠦᠨ᠎ᠠ ᠃ ᠴᠢᠨᠠᠷ ᠴᠢᠨᠰᠠᠭ᠎ᠠ ᠪᠠᠷ ᠤᠳᠤᠷᠢᠳᠤᠮᠵᠢ ᠪᠤᠯᠭᠠᠬᠤ᠂ ᠪᠤᠬᠢᠷᠳᠤᠯ ᠦᠬᠡᠢ ᠪᠠᠷ ᠤᠳᠤᠷᠢᠳᠤᠮᠵᠢ ᠪᠤᠯᠭᠠᠬᠤ᠂ ᠦᠷ᠎ᠠ ᠠᠰᠢᠭ ᠢᠶᠠᠷ ᠤᠳᠤᠷᠢᠳᠤᠮᠵᠢ ᠪᠤᠯᠭᠠᠬᠤ ᠶᠢ ᠲᠤᠪᠤᠶᠢᠯᠭᠠᠨ᠂ ᠭᠤᠤᠯᠯᠠᠬᠤ ᠠᠵᠤ ᠦᠢᠯᠡᠰ ᠢ ᠶᠡᠬᠡᠰᠬᠡᠨ ᠪᠤᠵᠠᠭᠠᠶᠢᠷᠠᠭᠤᠯᠪᠠ᠃ 2019 ᠤᠨ ᠳᠤ᠂ ᠲᠤᠰ ᠰᠢᠶᠠᠨ ᠨᠢ ᠲᠦᠬᠦᠬᠡᠷᠦᠮᠵᠢᠳᠦ ᠲᠠᠷᠢᠶᠠᠯᠠᠩ5000 ᠮᠤ᠋᠂ ᠬᠢᠳᠡᠳ ᠡᠮ ᠤᠨ ᠮᠠᠲ᠋ᠧᠷᠢᠶᠠᠯ1.4 ᠲᠦᠮᠡᠨ ᠮᠤ᠋᠂ ᠰᠢᠯᠢᠳᠡᠭ ᠴᠢᠨᠠᠷ ᠤᠨ ᠡᠪᠡᠰᠤ2 ᠲᠦᠮᠡᠨ ᠮᠤ᠋ ᠰᠢᠨ᠎ᠠ ᠪᠠᠷ ᠨᠡᠮᠡᠭᠳᠡᠬᠦᠯᠬᠦ ᠪᠠᠷ ᠲᠦᠯᠦᠪᠯᠡᠵᠠᠢ᠃ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ5 ᠳ᠋ᠦᠩᠰᠢᠭᠤᠷ ᠵᠢᠩ ᠎ ᠤᠨ ᠤᠷᠴᠢᠮ ᠲᠤᠭᠳᠠᠪᠤᠷᠢᠵᠢᠭᠤᠯᠤᠨ᠂ ᠰᠢᠬᠢᠷ ᠯᠤᠤᠪᠠᠩ ᠢ10 ᠲᠦᠮᠡᠨ ᠮᠤ᠋ ᠠᠴᠠ ᠲᠡᠬᠡᠭᠰᠢ ᠲᠠᠷᠢᠵᠤ᠂ ᠲᠤᠬᠠᠢ ᠎ ᠶᠢᠨ ᠭᠠᠵᠠᠷ ᠳᠤᠨᠢ ᠲᠤᠬᠢᠷᠠᠭᠤᠯᠤᠨ ᠢᠳᠡᠰᠢᠨ ᠮᠦᠬᠦ᠂ ᠲᠦᠮᠦᠰᠦ ᠵᠡᠷᠬᠡ ᠤᠨᠴᠠᠯᠢᠭᠳᠤ ᠠᠵᠤ ᠦᠢᠯᠡᠰ ᠢ ᠬᠦᠭᠵᠢᠬᠦᠯᠪᠡ᠃ ᠠᠵᠤ ᠠᠬᠤᠢ ᠶᠢᠨ ᠤᠢ ᠰᠢᠭᠤᠢ ᠶᠢᠨ ᠬᠦᠭᠵᠢᠯᠳᠠ ᠶᠢ ᠦᠷᠬᠦᠯᠵᠢᠯᠡᠨ ᠠᠬᠢᠭᠤᠯᠵᠤ᠂ ᠠᠵᠤ ᠠᠬᠤᠢ ᠶᠢᠨ ᠤᠢ ᠲᠦᠮᠡᠨ ᠮᠤ᠋ ᠰᠢᠨ᠎ᠠ ᠪᠠᠷ ᠪᠠᠶᠢᠭᠤᠯᠤᠨ᠂ ᠲᠤᠤᠷ᠎ᠠ ᠤᠨᠠᠯᠳᠠᠳᠤ ᠲᠤᠤᠷ᠎ᠠ ᠠᠰᠢᠭᠳᠤ ᠤᠢ 2 ᠲᠦᠮᠡᠨ ᠢ ᠦᠬᠡᠷᠡᠴᠢᠯᠡᠨ ᠪᠠᠶᠢᠭᠤᠯᠪᠠ᠃ ᠲᠡᠵᠢᠬᠡᠨ ᠦᠷᠡᠵᠢᠬᠦᠯᠬᠦ ᠲᠤᠮᠤ ᠡᠷᠦᠬᠡ ᠶᠢᠨ ᠵᠢᠯᠤᠭᠤᠳᠤᠨ ᠲᠠᠭᠠᠭᠤᠯᠬᠤ ᠎ ᠶᠢ ᠵᠤᠷᠢᠭᠵᠢᠭᠤᠯᠵᠤ᠂ ᠲᠤᠰᠬᠠᠶᠢᠵᠢᠭᠰᠠᠨ ᠲᠤᠰᠬᠤᠨ ᠪᠠᠷᠢᠮᠵᠢᠶᠠᠵᠢᠭᠰᠠᠨ ᠲᠡᠵᠢᠬᠡᠨ ᠦᠷᠡᠵᠢᠬᠦᠯᠬᠦ ᠶᠢ ᠬᠡᠷᠡᠭᠵᠢᠬᠦᠯᠦᠨ ᠂ ᠮᠢᠬᠠᠨ ᠦᠬᠡᠷ᠂ ᠮᠢᠬᠠᠨ ᠡᠯᠵᠢᠬᠡ ᠲᠤᠰ ᠪᠦᠷᠢ ᠲᠦᠮᠡᠨ ᠲᠤᠯᠤᠭᠠᠢ ᠰᠢᠨ᠎ᠠ ᠪᠠᠷ ᠨᠡᠮᠡᠭᠳᠡᠬᠦᠯᠵᠤ᠂ ᠲᠡᠵᠢᠬᠡᠭᠰᠡᠨ ᠬᠡᠷ ᠎ ᠤᠨ ᠵᠢᠬᠦᠷᠳᠡᠨ ᠤ ᠲᠤᠭ᠎ᠠ400 ᠲᠦᠮᠡ ᠬᠦᠷᠴᠠᠢ᠃ ᠤᠳᠤᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠠᠯᠠᠩ ᠲᠤᠭᠤᠷᠢᠭ ᠤᠨ ᠲᠠᠶᠢᠴᠢᠯᠠᠨ ᠲᠠᠭᠠᠭᠤᠯᠬᠤ ᠴᠢᠳᠠᠪᠤᠷᠢ ᠶᠢ ᠤᠯᠠᠮ ᠨᠢᠬᠡ ᠠᠯᠬᠤᠮ ᠲᠡᠬᠡᠭᠰᠢᠯᠡᠬᠦᠯᠵᠤ᠂ ᠬᠦᠷᠢᠶᠠᠯᠠᠩ ᠲᠤᠭᠤᠷᠢᠭ ᠪᠦᠷᠢ ᠳᠤ1—2 ᠤᠨᠴᠠᠯᠢᠭᠳᠤ ᠲᠤᠯᠭᠠᠭᠤᠷᠢᠯᠠᠬᠤ ᠠᠵᠤ ᠦᠢᠯᠡᠰ ᠢ ᠪᠦᠷᠢᠯᠳᠦᠬᠦᠯᠦᠨ᠂ ᠠᠵᠤ ᠦᠢᠯᠡᠰ ᠪᠦᠷᠢ ᠨᠢ ᠨᠢᠬᠡ ᠪᠦᠰᠠ ᠲᠤᠭᠤᠷᠢᠭ ᠤᠨ ᠤᠯᠠᠨ ᠲᠦᠮᠡᠨ ᠢ ᠲᠠᠶᠢᠴᠢᠯᠠᠨ ᠲᠠᠭᠠᠭᠤᠯᠵᠤ ᠪᠠᠶᠠᠵᠢᠨ ᠴᠢᠨᠡᠬᠡᠯᠢᠭᠵᠢᠬᠦᠯᠦᠨ᠎ᠠ᠃       ᠲᠤᠳᠤᠨ᠎ᠠ ᠭᠠᠳᠠᠨ᠎ᠠ ᠠᠴᠠ ᠬᠠᠮᠳᠤ ᠳᠤᠨᠢ ᠰᠡᠯᠪᠢᠨ ᠵᠠᠰᠠᠵᠤ᠂ ᠬᠦᠳᠡᠭᠡ ᠲᠤᠰᠬᠤᠨ ᠢ ᠨᠡᠩ ᠦᠵᠡᠰᠬᠦᠯᠡᠩᠳᠦ ᠰᠠᠶᠢᠬᠠᠨ ᠪᠤᠯᠭᠠᠪᠠ᠃ ᠯᠢᠨᠰᠢ ᠰᠢᠶᠠᠨ ᠨᠢ ᠦᠵᠡᠰᠬᠦᠯᠡᠩᠳᠦ ᠰᠠᠶᠢᠬᠠᠨ ᠬᠦᠳᠡᠭᠡ ᠲᠤᠰᠬᠤᠨ ᠢ ᠪᠦᠳᠦᠬᠡᠨ ᠪᠠᠶᠢᠭᠤᠯᠬᠤ ᠪᠠᠷ ᠭᠠᠷᠳᠠᠴᠠ ᠪᠤᠯᠭᠠᠨ᠂ ᠠᠭᠤᠯᠠ ᠤᠰᠤ ᠤᠢ ᠮᠤᠳᠤ ᠨᠠᠭᠤᠷ ᠲᠠᠷᠢᠶ᠎ᠠ ᠡᠪᠡᠰᠦᠨ ᠤ ᠰᠢᠰᠲ᠋ᠧᠮᠳᠦ ᠵᠠᠰᠠᠯᠳᠠ ᠶᠢ ᠨᠢᠬᠡᠳᠦᠯᠳᠠᠢ ᠰᠠᠶᠢᠳᠤᠷ ᠠᠳᠬᠤᠵᠤ᠂ ᠬᠦᠳᠡᠭᠡ ᠲᠤᠰᠬᠤᠨ ᠤ ᠰᠠᠭᠤᠭᠠᠯᠢ ᠠᠷᠠᠳ ᠤᠨ ᠤᠷᠴᠢᠨ ᠲᠤᠭᠤᠷᠢᠨ ᠢ ᠵᠠᠰᠠᠨ ᠴᠡᠭᠴᠡᠯᠡᠬᠦ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠠᠬᠢᠭᠤᠯᠤᠨ᠂ ᠦᠪᠡᠷᠳᠡᠬᠡᠨ ᠵᠠᠰᠠᠬᠤ ᠤᠷᠤᠨ ᠤ ᠪᠠᠭᠠᠰᠤᠨ ᠪᠤᠬᠢᠷᠳᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠪᠤᠯᠤᠨ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠲᠤᠷᠰᠢᠬᠤ ᠴᠡᠭ ᠤᠨ ᠲᠦᠷᠦᠯ ᠵᠦᠢᠯ ᠢ ᠬᠡᠷᠡᠭᠵᠢᠬᠦᠯᠦᠨ᠂ ︽ᠵᠤᠷᠯᠤᠩ ᠤᠨ ᠬᠤᠪᠢᠰᠬᠠᠯ︾᠎ ᠢ ᠬᠦᠨᠵᠡᠬᠡᠢ ᠠᠬᠢᠭᠤᠯᠵᠤ᠂ ᠤᠯᠠᠨ ᠡᠰᠢᠳᠦ ᠪᠡᠯᠡ ᠤᠷᠤᠭᠤᠯᠤᠯᠳᠠ ᠶᠢ ᠡᠷᠢᠯᠬᠢᠯᠡᠨ ᠪᠠᠶᠢᠭᠤᠯᠵᠤ᠂ ᠪᠠᠶᠢᠩᠭᠤ ᠶᠢᠨ ᠴᠢᠨᠠᠷᠳᠠᠢ ᠴᠠᠭᠳᠠᠵᠤ ᠪᠠᠶᠢᠴᠠᠭᠠᠨ᠂ ᠦᠷᠬᠦᠯᠵᠢᠯᠡᠳᠠ ᠶᠢᠨ ᠬᠠᠮᠢᠶᠠᠷᠤᠨ ᠬᠠᠮᠠᠭᠠᠯᠠᠬᠤ ᠲᠤᠭᠳᠠᠯᠴᠠᠭ᠎ᠠ ᠎ ᠶᠢ ᠪᠠᠶᠢᠭᠤᠯᠪᠠ᠃ ᠬᠦᠳᠡᠭᠡ ᠲᠤᠰᠬᠤᠨ ᠤ ᠦᠢᠯᠡᠳᠪᠦᠷᠢᠯᠡᠯ ᠠᠮᠢᠳᠤᠷᠠᠯ ᠤᠨ ᠲᠤᠨᠤᠭ ᠲᠦᠬᠦᠬᠡᠷᠦᠮᠵᠢ ᠶᠢ ᠪᠦᠷᠢᠨᠰᠢᠬᠦᠯᠦᠨ᠂ ︽ᠲᠦᠷᠪᠡᠨ ᠰᠠᠶᠢᠨ︾ ᠲᠤᠰᠬᠤᠨ ᠤ ᠵᠠᠮ ᠤᠨ ᠪᠠᠶᠢᠭᠤᠯᠤᠯᠳᠠ ᠶᠢ ᠯᠠᠪᠳᠠᠭᠤᠨ ᠠᠬᠢᠭᠤᠯᠵᠤ᠂9 ᠵᠤᠷᠪᠤᠰ᠂62 ᠺᠢᠯᠤᠮᠧᠲᠷ ᠤᠨ  ︽ᠬᠠᠰᠤᠵᠤ ᠨᠡᠶᠢᠯᠡᠬᠦᠯᠦᠭᠰᠡᠨ ᠵᠠᠰᠠᠭ ᠵᠠᠬᠢᠷᠭᠠᠨ ᠤ ᠲᠤᠰᠬᠤᠨ︾᠎ ᠤ ᠵᠠᠮ ᠤᠨ ᠬᠠᠳᠠᠷᠠᠭᠤᠯᠤᠯᠳᠠ ᠶᠢ ᠬᠡᠷᠡᠭᠵᠢᠬᠦᠯᠦᠨ᠂ ᠠᠶᠤᠯᠳᠠᠢ ᠬᠦᠬᠦᠷᠬᠡ ᠶᠢ ᠦᠬᠡᠷᠡᠴᠢᠯᠡᠨ ᠪᠠᠶᠢᠭᠤᠯᠵᠠᠢ᠃ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ ᠶᠢᠨ ᠪᠠᠶᠢᠭᠤᠯᠤᠯᠳᠠ ᠶᠢ ᠴᠢᠩᠭᠠᠳᠬᠠᠨ᠂ ᠦᠪᠡᠷᠳᠡᠬᠡᠨ ᠵᠠᠰᠠᠬᠤ᠂ ᠬᠠᠤᠯᠢ ᠪᠠᠷ ᠵᠠᠰᠠᠬᠤ᠂ ᠶᠤᠰᠤ ᠰᠤᠷᠳᠠᠬᠤᠨ ᠢᠶᠠᠷ ᠵᠠᠰᠠᠬᠤ ᠤᠶᠠᠯᠳᠤᠭᠰᠠᠨ ᠵᠠᠰᠠᠨ ᠴᠡᠭᠴᠡᠯᠡᠬᠦ ᠲᠤᠭᠳᠠᠯᠴᠠᠭ᠎ᠠ ᠶᠢ ᠲᠡᠬᠦᠯᠳᠡᠷᠵᠢᠬᠦᠯᠪᠡ᠃ ᠤᠷᠤᠨ ᠨᠤᠳᠤᠭ ᠤᠨ ᠰᠢᠯᠢᠳᠡᠭ ᠰᠤᠶᠤᠯ ᠢ ᠤᠯᠠᠮᠵᠢᠯᠠᠨ ᠬᠦᠭᠵᠢᠬᠦᠯᠵᠤ᠂ ᠪᠤᠯᠪᠠᠰᠤᠨ ᠰᠤᠷᠳᠠᠯ᠂ ᠰᠢᠯᠢᠳᠡᠭ ᠬᠡᠷ ᠤᠨ ᠰᠤᠷᠳᠠᠯ᠂ ᠪᠤᠷᠤᠭᠵᠢᠭᠤᠨ ᠠᠷᠠᠳ ᠤᠨ ᠰᠤᠷᠳᠠᠯ ᠢ ᠬᠦᠴᠦᠳᠠᠢ ᠤᠷᠢᠶᠠᠯᠠᠵᠤ᠂ ᠠᠮᠢᠵᠢᠷᠠᠯ ᠤᠨ ᠬᠦᠴᠦᠨ ᠪᠢᠯᠬᠠᠭᠰᠠᠨ᠂ ᠡᠶ᠎ᠡ ᠵᠤᠬᠢᠴᠠᠩᠭᠤᠢ ᠡᠮᠬᠢ ᠴᠡᠭᠴᠠ ᠲᠠᠢ ᠬᠦᠳᠡᠭᠡ ᠲᠤᠰᠬᠤᠨ ᠢ ᠪᠦᠳᠦᠬᠡᠨ ᠪᠠᠶᠢᠭᠤᠯᠤᠨ᠎ᠠ᠃       ᠤᠯᠠᠨ ᠲᠠᠯ᠎ᠠ ᠪᠠᠷ ᠠᠰᠢᠭ ᠤᠷᠤᠯᠭ᠎ᠠ ᠡᠬᠦᠳᠬᠦ ᠶᠢ ᠪᠠᠷᠢᠮᠳᠠᠯᠠᠨ᠂ ᠠᠷᠠᠳ ᠤᠯᠠᠨ ᠢ ᠪᠠᠶᠠᠵᠢᠨ ᠴᠢᠨᠡᠬᠡᠯᠢᠭᠵᠢᠬᠦᠯᠦᠨ᠎ᠠ᠃ ᠯᠢᠨᠰᠢ ᠰᠢᠶᠠᠨ ᠨᠢ ᠤᠯᠠᠨ ᠵᠦᠢᠯ ᠤᠨ ᠠᠷᠭ᠎ᠠ ᠪᠠᠷᠢᠯ ᠢᠶᠠᠷ ᠠᠰᠢᠭ ᠤᠷᠤᠯᠭ᠎ᠠ ᠡᠬᠦᠳᠦᠨ᠂ ᠠᠷᠠᠳ ᠤᠨ ᠤᠷᠤᠯᠭ᠎ᠠ ᠶᠢ ᠨᠡᠮᠡᠭᠳᠡᠬᠦᠯᠬᠦ ᠪᠠᠷ ᠬᠠᠷᠠᠯᠳᠠ ᠪᠤᠯᠭᠠᠵᠤ᠂ ᠲᠤᠯᠤᠭᠠᠶᠢᠯᠠᠭᠴᠢ ᠠᠵᠤ ᠠᠬᠤᠶᠢᠯᠠᠯ ᠤᠨ ᠵᠤᠬᠢᠶᠠᠨ ᠪᠠᠶᠢᠭᠤᠯᠤᠨ ᠲᠠᠶᠢᠴᠢᠯᠠᠬᠤ ᠴᠢᠳᠠᠪᠤᠷᠢ ᠶᠢ ᠲᠠᠰᠤᠷᠠᠯᠳᠠ ᠦᠬᠡᠢ ᠲᠡᠬᠡᠭᠰᠢᠯᠡᠬᠦᠯᠦᠨ᠂ ᠨᠢᠬᠡ ᠬᠤᠶᠠᠳᠤᠭᠠᠷ ᠭᠤᠷᠪᠠᠳᠤᠭᠠᠷ ᠦᠢᠯᠡᠳᠪᠦᠷᠢᠯᠡᠯ ᠤᠨ ᠠᠭᠤᠰᠤᠯᠴᠠᠭᠰᠠᠨ ᠬᠦᠭᠵᠢᠯᠳᠠ ᠶᠢ ᠲᠤᠪᠤᠶᠢᠯᠭᠠᠵᠤ᠂ ᠲᠦᠷᠦᠯ ᠵᠦᠢᠯ ᠤᠨ ᠪᠠᠶᠢᠭᠤᠯᠤᠭᠳᠠᠨ ᠪᠡᠯᠡ ᠤᠷᠤᠭᠤᠯᠵᠤ ᠠᠰᠢᠭ ᠡᠬᠦᠳᠬᠦ ᠶᠢ ᠪᠠᠳᠤᠯᠠᠵᠠᠢ᠃ ᠡᠵᠡᠩᠨᠡᠯᠳᠠ ᠶᠢᠨ ᠴᠢᠨᠠᠷᠳᠠᠢ ᠤᠷᠤᠯᠭ᠎ᠠ ᠨᠡᠮᠡᠭᠳᠡᠬᠦᠯᠬᠦ ᠨᠢᠭᠤᠭᠳᠠᠮᠠᠯ ᠬᠦᠴᠦᠨ ᠢ ᠠᠭᠤᠳᠠᠯᠤᠨ ᠢᠯᠡᠷᠡᠬᠦᠯᠵᠤ᠂ ᠲᠤᠯᠤᠭᠠᠶᠢᠯᠠᠭᠴᠢ ᠠᠵᠤ ᠠᠬᠤᠶᠢᠯᠠᠯ ᠪᠤᠯᠤᠨ ᠬᠤᠷᠰᠢᠬᠤ ᠵᠤᠬᠢᠶᠠᠨ ᠪᠠᠶᠢᠭᠤᠯᠤᠯᠳᠠ᠂ ᠬᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ ᠲᠤᠰᠬᠠᠢ ᠬᠤᠷᠰᠢᠶᠠᠵᠢᠯ ᠤᠨ ᠲᠤᠮᠤ ᠡᠷᠦᠬᠡ᠂ ᠬᠤᠪᠢ ᠶᠢᠨ ᠲᠠᠷᠢᠶᠠᠯᠠᠬᠤ ᠡᠷᠦᠬᠡ ᠶᠢᠨ ᠠᠰᠢᠭ ᠤᠷᠤᠯᠭ᠎ᠠ ᠬᠤᠯᠪᠤᠭᠠᠯᠠᠭᠰᠠᠨ ᠲᠤᠭᠳᠠᠯᠴᠠᠭ᠎ᠠ ᠶᠢ ᠪᠠᠶᠢᠭᠤᠯᠪᠠ᠃ ᠲᠠᠷᠢᠶᠠᠯᠠᠩ ᠤᠨ ᠪᠦᠳᠦᠬᠡᠭᠳᠡᠬᠦᠨ ᠤ ᠨᠡᠷᠡᠳᠦ ᠲᠡᠮᠳᠡᠭᠳᠦ ᠶᠢ ᠡᠬᠦᠳᠴᠦ᠂ ᠨᠡᠷᠡᠳᠦ ᠲᠡᠮᠳᠡᠭᠳᠦ ᠪᠠᠷ ᠪᠠᠷᠢᠮᠵᠢᠶᠠᠵᠢᠭᠰᠠᠨ ᠦᠢᠯᠡᠳᠪᠦᠷᠢᠯᠡᠯ ᠪᠤᠯᠤᠨ ᠪᠤᠬᠢᠷᠳᠤᠯ ᠦᠬᠡᠢ ᠦᠢᠯᠡᠳᠪᠦᠷᠢᠯᠡᠯ ᠤᠨ ᠠᠷᠭ᠎ᠠ ᠬᠡᠯᠪᠡᠷᠢ ᠶᠢᠨ ᠬᠤᠪᠢᠷᠠᠯᠳᠠ ᠶᠢ ᠲᠠᠶᠢᠴᠢᠯᠠᠨ᠂ ᠲᠠᠷᠢᠶᠠᠯᠠᠩ ᠤᠨ ᠪᠦᠳᠦᠬᠡᠭᠳᠡᠬᠦᠨ ᠤ ᠦᠢᠯᠡᠳᠪᠦᠷᠢᠯᠡᠯ ᠤᠨ ᠲᠤᠭᠳᠠᠯᠴᠠᠭ᠎ᠠ ᠶᠢ ᠪᠠᠶᠢᠭᠤᠯᠵᠠᠢ᠃ ᠲᠠᠷᠢᠶᠠᠴᠢᠳ ᠤᠨ ᠦᠢᠯᠡᠰ ᠪᠤᠰᠬᠠᠬᠤ ᠨᠡᠶᠢᠳᠡᠯᠢᠭ ᠵᠢᠱᠢᠶ᠎ᠠ ᠶᠢ ᠪᠤᠢ ᠪᠤᠯᠭᠠᠨ᠂ ᠲᠠᠶᠢᠴᠢᠯᠠᠨ ᠲᠠᠭᠠᠭᠤᠯᠬᠤ ᠦᠢᠯᠡᠳᠦᠯ ᠢ ᠨᠢ ᠪᠠᠳᠠᠷᠠᠭᠤᠯᠵᠤ᠂ ᠦᠷᠬᠡᠨ ᠤᠯᠠᠨ ᠠᠷᠠᠳ ᠲᠦᠮᠡᠨ ᠢ ᠴᠢᠭᠯᠡᠯᠳᠠ ᠲᠠᠢ᠂ ᠬᠠᠷᠠᠯᠳᠠ ᠎ ᠲᠠᠢ᠂ ᠡᠷᠴᠢ ᠬᠦᠴᠦᠨ ᠲᠠᠢ ᠪᠠᠶᠢᠬᠤ ᠶᠢ ᠠᠬᠢᠭᠤᠯᠪᠠ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号