| ᠪᠦᠬᠦ ᠬᠤᠳᠠ ᠶᠢᠨ ᠮᠠᠯᠴᠢᠨ ᠲᠠᠷᠢᠶᠠᠴᠢᠳ ᠤᠨ ᠬᠤᠷᠰᠢᠶᠠᠵᠢᠯ ᠤᠨ ᠲᠦᠷᠢᠮᠵᠢᠬᠦᠨ ᠡᠷᠡᠬᠦᠯ ᠬᠦᠭᠵᠢᠯᠳᠠ ᠶᠢ | ᠤᠯᠠᠮ ᠨᠢᠬᠡ ᠠᠯᠬᠤᠮ ᠠᠬᠢᠭᠤᠯᠤᠨ᠂ ︽ᠤᠯᠠᠭᠠᠨᠬᠠᠳᠠ ᠬᠤᠳᠠ ᠶᠢᠨ ᠮᠠᠯᠴᠢᠨ ᠲᠠᠷᠢᠶᠠᠴᠢᠨ ᠤ ᠲᠤᠰᠬᠠᠢ | ᠬᠤᠷᠰᠢᠶᠠᠵᠢᠯ ᠤᠨ ᠦᠷᠬᠦᠯᠵᠢᠯᠡᠭᠰᠡᠨ ᠲᠦᠷᠢᠮᠵᠢᠬᠦᠨ ᠡᠷᠡᠬᠦᠯ ᠬᠦᠭᠵᠢᠯᠳᠠ ᠶᠢ ᠠᠬᠢᠭᠤᠯᠬᠤ ᠶᠢ ᠬᠡᠷᠡᠭᠵᠢᠬᠦᠯᠬᠦ | ᠲᠦᠰᠦᠯ︾ ᠶᠤᠰᠤᠭᠠᠷ ︵ᠤᠯᠠᠭᠠᠨᠬᠠᠳᠠ ᠵᠠᠰᠠᠭ ᠠᠯᠪᠠᠨ ᠦᠰᠦᠭ【2015】67 ᠨᠤᠮᠧᠷᠳᠤ︶᠂ ︽ | ᠤᠯᠠᠭᠠᠨᠬᠠᠳᠠ ᠬᠤᠳᠠ ᠶᠢᠨ ᠰᠢᠨ᠎ᠠ ᠬᠡᠯᠪᠡᠷᠢ ᠶᠢᠨ ᠮᠠᠯᠵᠢᠬᠤ ᠲᠠᠷᠢᠶᠠᠯᠠᠬᠤ ᠠᠵᠤ ᠠᠬᠤᠢ ᠶᠢᠨ ᠡᠵᠡᠩᠨᠡᠯᠳᠠ ᠶᠢᠨ | ᠭᠤᠤᠯ ᠴᠤᠭᠴᠠ ᠶᠢ ᠬᠦᠭᠵᠢᠬᠦᠯᠬᠦ ᠰᠠᠨᠠᠯ︾ ︵ᠤᠯᠠᠭᠠᠨᠬᠠᠳᠠ ᠵᠠᠰᠠᠭ ᠲᠠᠷᠬᠠᠭᠠᠭᠰᠠᠨ【2015】79 ᠨᠤᠮᠧᠷᠳᠦ | ︶᠂ ︽ᠤᠯᠠᠭᠠᠨᠬᠠᠳᠠ ᠬᠤᠳᠠ ᠶᠢᠨ ᠲᠠᠷᠢᠶᠠᠯᠠᠩ ᠤᠨ ᠮᠠᠰᠢᠨ ᠮᠧᠬᠠᠨᠢᠭ ᠤᠨ ᠲᠤᠰᠬᠠᠢ ᠬᠤᠷᠰᠢᠶᠠᠵᠢᠯ ᠤᠨ | ᠬᠦᠭᠵᠢᠯᠳᠠ ᠶᠢ ᠤᠳᠤᠷᠢᠳᠤᠨ ᠲᠠᠭᠠᠭᠤᠯᠬᠤ ᠢᠨᠵᠧᠨᠧᠷᠢᠩ ᠢ ᠬᠡᠷᠡᠭᠵᠢᠬᠦᠯᠬᠦ ᠲᠦᠰᠦᠯ︾ ︵ᠤᠯᠠᠭᠠᠨᠬᠠᠳᠠ | ᠲᠠᠷᠢᠶᠠᠯᠠᠩ ᠮᠠᠯ ᠮᠠᠰᠢᠨ ᠲᠠᠷᠬᠠᠭᠠᠭᠰᠠᠨ【2016】5 ᠨᠤᠮᠧᠷᠳᠤ︶ ᠵᠡᠷᠬᠡ ᠮᠠᠲ᠋ᠧᠷᠢᠶᠠᠯ ᠤᠨ ᠵᠤᠷᠢᠭ ᠰᠠᠨᠠᠭ᠎ᠠ ᠪᠠᠷ | ᠂ ᠯᠢᠨᠰᠢ ᠰᠢᠶᠠᠨ ᠨᠢ ᠪᠦᠬᠦ ᠰᠢᠶᠠᠨ ᠬᠡᠪᠴᠢᠶᠠᠨ ᠳᠤ ︽ᠬᠤᠳᠠ ᠶᠢᠨ ᠲᠡᠰ ᠤᠨ ᠮᠠᠯᠴᠢᠨ ᠲᠠᠷᠢᠶᠠᠴᠢᠳ ᠤᠨ | ᠲᠤᠰᠬᠠᠢ ᠬᠤᠷᠰᠢᠶᠠᠵᠢᠯ ᠤᠨ ᠵᠢᠱᠢᠶᠠᠴᠢ︾ ᠶᠢ ᠭᠤᠶᠤᠴᠢᠯᠠᠨ ᠮᠡᠳᠡᠬᠦᠯᠵᠤ ᠬᠢᠨᠠᠨ ᠲᠤᠭᠳᠠᠭᠠᠬᠤ ᠠᠵᠢᠯ | ᠦᠷᠨᠢᠬᠦᠯᠪᠡ᠃ | ᠪᠦᠬᠦ ᠰᠢᠶᠠᠨ ᠤ ᠬᠤᠷᠰᠢᠶᠠᠵᠢᠯ ᠤᠨ ᠪᠤᠳᠠᠳᠠᠢ ᠪᠠᠶᠢᠭᠤᠯᠤᠭᠰᠠᠨ ᠪᠠᠶᠢᠳᠠᠯ ᠲᠠᠢ ᠤᠶᠠᠯᠳᠤᠭᠤᠯᠤᠨ᠂ ᠵᠢᠱᠢᠶᠠᠴᠢ | ᠬᠤᠷᠰᠢᠶᠠᠵᠢᠯ ᠤᠨ ᠠᠷᠠᠳᠴᠢᠯᠠᠯ ᠬᠠᠮᠢᠶᠠᠷᠤᠯᠳᠠ ᠰᠠᠶᠢᠨ᠂ ᠡᠵᠡᠩᠨᠡᠯᠳᠠ ᠶᠢᠨ ᠬᠡᠪᠴᠢᠶ᠎ᠠ ᠶᠡᠭᠡ᠂ ᠦᠢᠯᠡᠴᠢᠯᠡᠬᠦ | ᠴᠢᠳᠠᠪᠤᠷᠢ ᠰᠠᠶᠢᠨ᠂ ᠦᠢᠯᠡᠳᠬᠦᠨ ᠤ ᠴᠢᠨᠰᠠᠭ᠎ᠠ ᠰᠢᠯᠢᠳᠡᠭ᠂ ᠨᠡᠶᠢᠬᠡᠮ ᠤᠨ ᠨᠦᠯᠦᠬᠡ ᠲᠤᠰᠬᠠᠯ ᠰᠠᠶᠢᠨ ᠵᠡᠷᠬᠡ | ᠰᠢᠯᠭᠠᠨ ᠲᠤᠭᠳᠠᠭᠠᠬᠤ ᠪᠠᠷᠢᠮᠵᠢᠶ᠎ᠠ ᠶᠤᠰᠤᠭᠠᠷ᠂ ᠯᠢᠨᠰᠢ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ | ᠨᠢ ᠰᠢᠯᠭᠠᠨ ᠰᠤᠩᠭᠤᠬᠤ ᠪᠠᠷᠢᠮᠵᠢᠶ᠎ᠠ ᠳᠤ ᠬᠠᠷᠭᠤᠭᠤᠯᠤᠨ᠂ ᠲᠤᠬᠠᠢ ᠶᠢᠨ ᠭᠠᠵᠠᠷ ᠤᠨ ᠨᠦᠬᠦᠴᠡᠯ ᠳᠤ ᠨᠡᠶᠢᠴᠡᠭᠰᠡᠨ | ᠮᠠᠯᠴᠢᠨ ᠲᠠᠷᠢᠶᠠᠴᠢᠨ ᠤ ᠲᠤᠰᠬᠠᠢ ᠬᠤᠷᠰᠢᠶᠠᠵᠢᠯ ᠢ ᠵᠤᠬᠢᠶᠠᠨ ᠪᠠᠶᠢᠭᠤᠯᠵᠤ᠂ ᠦᠪᠡᠷ ᠤᠨ ᠦᠨᠡᠯᠡᠯᠳᠠ ᠦᠷᠨᠢᠬᠦᠯᠦᠨ᠂ | ᠲᠦᠪ ᠴᠢᠩᠭ᠎ᠠ ᠪᠠᠷ ᠬᠢᠨᠠᠨ ᠬᠠᠷᠭᠤᠭᠤᠯᠵᠤ᠂ ᠰᠢᠯᠢᠳᠡᠭ ᠢ ᠰᠤᠩᠭᠤᠨ ᠲᠡᠭᠡᠭᠰᠢ ᠮᠡᠳᠡᠬᠦᠯᠦᠨ ᠯᠢᠨᠰᠢ ᠰᠢᠶᠠᠨ ᠤ ᠮᠧᠢ | ᠹᠧᠩ ᠶᠤᠸᠠᠨ ᠲᠠᠷᠢᠵᠤ ᠤᠷᠭᠤᠭᠤᠯᠬᠤ ᠮᠠᠯᠴᠢᠨ ᠲᠠᠷᠢᠶᠠᠴᠢᠨ ᠤ ᠲᠤᠰᠬᠠᠢ ᠬᠤᠷᠰᠢᠶᠠᠵᠢᠯ ᠵᠡᠷᠬᠡ 7 ᠬᠤᠷᠰᠢᠶᠠᠵᠢᠯ | ᠨᠢ ︽ᠬᠤᠳᠠ ᠶᠢᠨ ᠲᠡᠰ ᠤᠨ ᠮᠠᠯᠴᠢᠨ ᠲᠠᠷᠢᠶᠠᠴᠢᠳ ᠤᠨ ᠲᠤᠰᠬᠠᠢ ᠬᠤᠷᠰᠢᠶᠠᠵᠢᠯ ᠤᠨ ᠵᠢᠱᠢᠶᠠᠴᠢ ᠬᠤᠷᠰᠢᠶᠠᠵᠢᠯ︾ | ᠪᠤᠯᠵᠠᠢ᠃ |