| 6 ᠰᠠᠷ᠎ᠠ ᠶᠢᠨ19 ᠤ ᠡᠳᠦᠷ᠂ ᠰᠢᠶᠠᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠬᠢᠨᠠᠨ ᠪᠠᠶᠢᠴᠠᠭᠠᠬᠤ | ᠵᠦᠪᠯᠡᠯ ᠤᠨ ᠲᠠᠪᠤᠳᠤᠭᠠᠷ ᠲᠤᠮᠢᠯᠠᠨ ᠰᠠᠭᠤᠯᠭᠠᠵᠤ ᠪᠠᠶᠢᠭ᠎ᠠ ᠰᠠᠬᠢᠯᠭ᠎ᠠ ᠪᠠᠳᠤ ᠪᠠᠶᠢᠴᠠᠭᠠᠬᠤ ᠲᠤᠭᠤᠶᠢᠯᠠᠩ ᠤᠨ ᠯᠢ | ᠪᠢᠨ ᠲᠠᠷᠤᠭ᠎ᠠ ᠠᠴᠠ ᠵᠠᠮ ᠲᠡᠬᠡᠬᠡᠪᠦᠷᠢ ᠶᠢᠨ ᠲᠤᠪᠴᠢᠶ᠎ᠠ ᠶᠢᠨ ︽ᠬᠠᠷ᠎ᠠ ᠪᠦᠯᠦᠭᠳᠡᠨ ᠬᠠᠷᠬᠢᠰ ᠬᠦᠴᠦᠨ ᠢ | ᠠᠷᠢᠯᠭᠠᠬᠤ︾ ᠲᠤᠰᠬᠠᠢ ᠲᠡᠮᠡᠴᠡᠯ ᠤᠨ ᠦᠷᠨᠢᠬᠦᠯᠵᠤ ᠪᠠᠶᠢᠭ᠎ᠠ ᠪᠠᠶᠢᠳᠠᠯ ᠳᠤ ᠲᠤᠰᠬᠠᠶᠢᠯᠠᠨ ᠱᠠᠭᠠᠷᠳᠠᠨ ᠪᠠᠶᠢᠴᠠᠭᠠᠯᠳᠠ | ᠬᠢᠪᠠ᠃ ᠯᠢ ᠪᠢᠨ ᠲᠤᠭᠤᠶᠢᠯᠠᠩ ᠤᠨ ᠲᠠᠷᠤᠭ᠎ᠠ ᠠᠴᠠ ᠴᠢᠬᠤᠯᠠᠴᠢᠯᠠᠭᠰᠠᠨ ᠨᠢ᠂ ᠵᠠᠮ ᠲᠡᠬᠡᠬᠡᠪᠦᠷᠢ ᠶᠢᠨ ᠠᠵᠢᠯ | ᠲᠦᠷᠦᠯ ᠪᠤᠯ ︽ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ︾ ᠲᠤᠰᠬᠠᠢ ᠲᠡᠮᠡᠴᠡᠯ ᠤᠨ ᠭᠤᠤᠯᠳᠠᠯᠭ᠎ᠠ ᠲᠠᠢ | ᠴᠠᠷ᠎ᠠ ᠬᠦᠷᠢᠶ᠎ᠠ ᠮᠦᠨ᠂ ᠲᠤᠪᠴᠢᠶᠠᠨ ᠤ ᠨᠠᠮ ᠤᠨ ᠬᠤᠷᠢᠶ᠎ᠠ ᠨᠢ ᠤᠯᠠᠮ ᠨᠢᠬᠡ ᠠᠯᠬᠤᠮ ᠤᠯᠤᠰ ᠲᠦᠷᠦ ᠶᠢᠨ | ᠵᠤᠭᠰᠤᠴᠠ ᠪᠠᠨ ᠲᠡᠬᠡᠭᠰᠢᠯᠡᠬᠦᠯᠦᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠵᠤᠬᠢᠶᠠᠨ ᠪᠠᠶᠢᠭᠤᠯᠤᠯᠳᠠ ᠶᠢᠨ | ᠤᠳᠤᠷᠢᠳᠤᠯᠭ᠎ᠠ ᠶᠢ ᠴᠢᠩᠭᠠᠳᠬᠠᠨ᠂ ᠤᠬᠠᠭᠤᠯᠭ᠎ᠠ ᠶᠢᠨ ᠬᠦᠴᠦᠯᠡᠴᠠ ᠶᠢ ᠨᠡᠮᠡᠭᠳᠡᠬᠦᠯᠵᠤ᠂ ᠵᠠᠮ ᠲᠡᠬᠡᠬᠡᠪᠦᠷᠢ ᠶᠢᠨ | ᠠᠵᠢᠯ ᠲᠦᠷᠦᠯ ᠤᠨ ᠬᠠᠷ᠎ᠠ ᠪᠦᠯᠦᠭ ᠬᠠᠷᠬᠢᠰ ᠬᠦᠴᠦᠨ ᠳᠤ ᠬᠤᠯᠪᠤᠭᠳᠠᠭᠰᠠᠨ᠂ ᠠᠵᠢᠯ ᠲᠦᠷᠦᠯ ᠤᠨ ᠡᠷᠦᠢ | ᠬᠤᠷᠤᠢ ᠦᠬᠡᠢ ᠵᠡᠷᠬᠡ ᠦᠵᠡᠭᠳᠡᠯ ᠳᠤ ᠤᠯᠠᠮ ᠨᠢᠬᠡ ᠠᠯᠬᠤᠮ ᠰᠦᠪᠡᠭᠴᠢ ᠶᠢ ᠪᠠᠶᠢᠴᠠᠭᠠᠵᠤ᠂ ᠢᠯᠵᠡᠷᠡᠯ ᠢ | ᠡᠰᠡᠷᠬᠦᠴᠡᠬᠦ ᠠᠵᠢᠯ ᠲᠠᠢ ᠤᠶᠠᠯᠳᠤᠭᠤᠯᠤᠨ᠂ ︽ᠬᠠᠮᠠᠭᠠᠯᠠᠭᠴᠢ︾ ᠶᠢ ᠬᠦᠨᠵᠡᠬᠡᠢ ᠠᠭᠤᠳᠠᠯᠤᠨ ᠢᠯᠡᠷᠡᠬᠦᠯᠵᠤ᠂ | ᠰᠠᠨᠠᠭᠠᠴᠢᠯᠠᠭ᠎ᠠ ᠲᠠᠢ ᠪᠠᠷ ᠴᠤᠬᠢᠯᠳᠠ ᠦᠭᠴᠦ᠂ ︽ᠬᠠᠷ᠎ᠠ ᠪᠦᠯᠦᠭᠳᠡᠨ ᠪᠠᠶᠢᠪᠠᠯ ᠬᠠᠷ᠎ᠠ ᠪᠦᠯᠦᠭᠳᠡᠨ ᠢ ᠠᠷᠢᠯᠭᠠᠵᠤ᠂ | ᠬᠠᠷᠬᠢᠰ ᠬᠦᠴᠦᠨ ᠪᠠᠶᠢᠪᠠᠯ ᠬᠠᠷᠬᠢᠰ ᠬᠦᠴᠦᠨ ᠳᠤ ᠴᠤᠬᠢᠯᠳᠠ ᠦᠭᠴᠦ᠂ ᠡᠷᠦᠢ ᠬᠤᠷᠤᠢ ᠦᠬᠡᠢ ᠪᠠᠶᠢᠪᠠᠯ ᠡᠷᠦᠢ | ᠬᠤᠷᠤᠢ ᠦᠬᠡᠢ ᠶᠢ ᠵᠠᠰᠠᠨ ᠴᠡᠭᠴᠡᠯᠡᠬᠦ︾ ᠵᠠᠷᠴᠢᠮ ᠢ ᠦᠨᠳᠦᠰᠦᠯᠡᠨ᠂ ᠬᠠᠤᠯᠢ ᠬᠡᠷᠡᠭᠵᠢᠬᠦᠯᠬᠦ ᠠᠵᠢᠯᠯᠠᠭ᠎ᠠ ᠶᠢ | ᠲᠦᠷᠢᠮᠵᠢᠬᠦᠯᠵᠤ᠂ ᠠᠯᠢᠪᠠ ᠬᠠᠤᠯᠢ ᠬᠡᠷᠡᠭᠵᠢᠬᠦᠯᠬᠦ ᠬᠦᠮᠦᠰ ᠲᠤ ᠰᠡᠷᠡᠮᠵᠢᠯᠡᠬᠦᠯᠦᠯ ᠬᠦᠮᠦᠵᠢᠯ ᠬᠢᠵᠤ᠂ ᠤᠳᠤᠷᠢᠳᠬᠤ | ᠺᠠᠳ᠋ᠷ ᠲᠤ ᠴᠢᠬᠡᠴᠢ ᠵᠠᠰᠠᠭ ᠤᠨ ᠶᠠᠷᠢᠯᠴᠠᠭ᠎ᠠ ᠬᠢᠵᠤ᠂ ᠭᠤᠤᠯ ᠴᠤᠭᠴᠠ ᠶᠢᠨ ᠬᠠᠷᠢᠭᠤᠴᠠᠯᠭ᠎ᠠ ᠶᠢ ᠦᠨᠡᠩᠬᠦ ᠰᠠᠶᠢᠳᠤᠷ | ᠬᠦᠢᠴᠡᠳᠬᠡᠬᠦ ᠬᠡᠷᠡᠭᠳᠠᠢ ᠬᠡᠵᠠᠢ᠃ | ᠰᠢᠶᠠᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠱᠠᠭᠠᠷᠳᠠᠯᠭ᠎ᠠ ᠶᠤᠰᠤᠭᠠᠷ᠂ ᠵᠠᠮ ᠲᠡᠬᠡᠬᠡᠪᠦᠷᠢ ᠶᠢᠨ | ᠲᠤᠪᠴᠢᠶ᠎ᠠ ᠶᠢᠨ ᠨᠠᠮ ᠤᠨ ᠬᠤᠷᠢᠶ᠎ᠠ ᠨᠢ ᠢᠳᠡᠪᠬᠢᠳᠠᠢ ᠬᠦᠳᠡᠯᠦᠯᠴᠠᠨ᠂ ᠲᠠᠷᠠᠭᠠᠴᠢ ᠶᠢᠨ ᠠᠯᠬᠤᠮ ᠤᠨ ᠠᠵᠢᠯ ᠳᠤ | ᠨᠠᠷᠢᠯᠢᠭ ᠪᠠᠶᠢᠷᠢᠯᠠᠭᠤᠯᠤᠯᠳᠠ ᠬᠢᠪᠠ᠃ | | |