ᠰᠢᠶᠠᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠬᠢᠨᠠᠨ ᠪᠠᠶᠢᠴᠠᠭᠠᠬᠤ ᠵᠦᠪᠯᠡᠯ ᠨᠢ ᠵᠠᠮ ᠲᠡᠬᠡᠬᠡᠪᠦᠷᠢ ᠶᠢᠨ ᠲᠤᠪᠴᠢᠶ᠎ᠠ ᠶᠢᠨ ᠬᠠᠷ᠎ᠠ ᠪᠦᠯᠦᠭᠳᠠᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠠᠵᠢᠯ ᠢ ᠤᠯᠠᠮ ᠨᠢᠬᠡ ᠠᠯᠬᠤᠮ ᠴᠢᠩᠭᠠᠳᠬᠠᠬᠤ ᠶᠢ ᠬᠢᠨᠠᠨ ᠵᠢᠯᠤᠭᠤᠳᠪᠠ
ᠨᠡᠶᠢᠲᠡᠯᠡᠭᠰᠡᠨ ᠴᠠᠭ᠄
2019-06-25
     6 ᠰᠠᠷ᠎ᠠ ᠶᠢᠨ19 ᠤ ᠡᠳᠦᠷ᠂ ᠰᠢᠶᠠᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠬᠢᠨᠠᠨ ᠪᠠᠶᠢᠴᠠᠭᠠᠬᠤ ᠵᠦᠪᠯᠡᠯ ᠤᠨ ᠲᠠᠪᠤᠳᠤᠭᠠᠷ ᠲᠤᠮᠢᠯᠠᠨ ᠰᠠᠭᠤᠯᠭᠠᠵᠤ ᠪᠠᠶᠢᠭ᠎ᠠ ᠰᠠᠬᠢᠯᠭ᠎ᠠ ᠪᠠᠳᠤ ᠪᠠᠶᠢᠴᠠᠭᠠᠬᠤ ᠲᠤᠭᠤᠶᠢᠯᠠᠩ ᠤᠨ ᠯᠢ ᠪᠢᠨ ᠲᠠᠷᠤᠭ᠎ᠠ ᠠᠴᠠ ᠵᠠᠮ ᠲᠡᠬᠡᠬᠡᠪᠦᠷᠢ ᠶᠢᠨ ᠲᠤᠪᠴᠢᠶ᠎ᠠ ᠶᠢᠨ ︽ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ︾ ᠲᠤᠰᠬᠠᠢ ᠲᠡᠮᠡᠴᠡᠯ ᠤᠨ ᠦᠷᠨᠢᠬᠦᠯᠵᠤ ᠪᠠᠶᠢᠭ᠎ᠠ ᠪᠠᠶᠢᠳᠠᠯ ᠳᠤ ᠲᠤᠰᠬᠠᠶᠢᠯᠠᠨ ᠱᠠᠭᠠᠷᠳᠠᠨ ᠪᠠᠶᠢᠴᠠᠭᠠᠯᠳᠠ ᠬᠢᠪᠠ᠃ ᠯᠢ ᠪᠢᠨ ᠲᠤᠭᠤᠶᠢᠯᠠᠩ ᠤᠨ ᠲᠠᠷᠤᠭ᠎ᠠ ᠠᠴᠠ ᠴᠢᠬᠤᠯᠠᠴᠢᠯᠠᠭᠰᠠᠨ ᠨᠢ᠂ ᠵᠠᠮ ᠲᠡᠬᠡᠬᠡᠪᠦᠷᠢ ᠶᠢᠨ ᠠᠵᠢᠯ ᠲᠦᠷᠦᠯ ᠪᠤᠯ ︽ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ︾ ᠲᠤᠰᠬᠠᠢ ᠲᠡᠮᠡᠴᠡᠯ ᠤᠨ ᠭᠤᠤᠯᠳᠠᠯᠭ᠎ᠠ ᠲᠠᠢ ᠴᠠᠷ᠎ᠠ ᠬᠦᠷᠢᠶ᠎ᠠ ᠮᠦᠨ᠂ ᠲᠤᠪᠴᠢᠶᠠᠨ ᠤ ᠨᠠᠮ ᠤᠨ ᠬᠤᠷᠢᠶ᠎ᠠ ᠨᠢ ᠤᠯᠠᠮ ᠨᠢᠬᠡ ᠠᠯᠬᠤᠮ ᠤᠯᠤᠰ ᠲᠦᠷᠦ ᠶᠢᠨ ᠵᠤᠭᠰᠤᠴᠠ ᠪᠠᠨ ᠲᠡᠬᠡᠭᠰᠢᠯᠡᠬᠦᠯᠦᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠶᠢ ᠴᠢᠩᠭᠠᠳᠬᠠᠨ᠂ ᠤᠬᠠᠭᠤᠯᠭ᠎ᠠ ᠶᠢᠨ ᠬᠦᠴᠦᠯᠡᠴᠠ ᠶᠢ ᠨᠡᠮᠡᠭᠳᠡᠬᠦᠯᠵᠤ᠂ ᠵᠠᠮ ᠲᠡᠬᠡᠬᠡᠪᠦᠷᠢ ᠶᠢᠨ ᠠᠵᠢᠯ ᠲᠦᠷᠦᠯ ᠤᠨ ᠬᠠᠷ᠎ᠠ ᠪᠦᠯᠦᠭ ᠬᠠᠷᠬᠢᠰ ᠬᠦᠴᠦᠨ ᠳᠤ ᠬᠤᠯᠪᠤᠭᠳᠠᠭᠰᠠᠨ᠂ ᠠᠵᠢᠯ ᠲᠦᠷᠦᠯ ᠤᠨ ᠡᠷᠦᠢ ᠬᠤᠷᠤᠢ ᠦᠬᠡᠢ ᠵᠡᠷᠬᠡ ᠦᠵᠡᠭᠳᠡᠯ ᠳᠤ ᠤᠯᠠᠮ ᠨᠢᠬᠡ ᠠᠯᠬᠤᠮ ᠰᠦᠪᠡᠭᠴᠢ ᠶᠢ ᠪᠠᠶᠢᠴᠠᠭᠠᠵᠤ᠂ ᠢᠯᠵᠡᠷᠡᠯ ᠢ ᠡᠰᠡᠷᠬᠦᠴᠡᠬᠦ ᠠᠵᠢᠯ ᠲᠠᠢ ᠤᠶᠠᠯᠳᠤᠭᠤᠯᠤᠨ᠂ ︽ᠬᠠᠮᠠᠭᠠᠯᠠᠭᠴᠢ︾ ᠶᠢ ᠬᠦᠨᠵᠡᠬᠡᠢ ᠠᠭᠤᠳᠠᠯᠤᠨ ᠢᠯᠡᠷᠡᠬᠦᠯᠵᠤ᠂ ᠰᠠᠨᠠᠭᠠᠴᠢᠯᠠᠭ᠎ᠠ ᠲᠠᠢ ᠪᠠᠷ ᠴᠤᠬᠢᠯᠳᠠ ᠦᠭᠴᠦ᠂ ︽ᠬᠠᠷ᠎ᠠ ᠪᠦᠯᠦᠭᠳᠡᠨ ᠪᠠᠶᠢᠪᠠᠯ ᠬᠠᠷ᠎ᠠ ᠪᠦᠯᠦᠭᠳᠡᠨ ᠢ ᠠᠷᠢᠯᠭᠠᠵᠤ᠂ ᠬᠠᠷᠬᠢᠰ ᠬᠦᠴᠦᠨ ᠪᠠᠶᠢᠪᠠᠯ ᠬᠠᠷᠬᠢᠰ ᠬᠦᠴᠦᠨ ᠳᠤ ᠴᠤᠬᠢᠯᠳᠠ ᠦᠭᠴᠦ᠂ ᠡᠷᠦᠢ ᠬᠤᠷᠤᠢ ᠦᠬᠡᠢ ᠪᠠᠶᠢᠪᠠᠯ ᠡᠷᠦᠢ ᠬᠤᠷᠤᠢ ᠦᠬᠡᠢ ᠶᠢ ᠵᠠᠰᠠᠨ ᠴᠡᠭᠴᠡᠯᠡᠬᠦ︾ ᠵᠠᠷᠴᠢᠮ ᠢ ᠦᠨᠳᠦᠰᠦᠯᠡᠨ᠂ ᠬᠠᠤᠯᠢ ᠬᠡᠷᠡᠭᠵᠢᠬᠦᠯᠬᠦ ᠠᠵᠢᠯᠯᠠᠭ᠎ᠠ ᠶᠢ ᠲᠦᠷᠢᠮᠵᠢᠬᠦᠯᠵᠤ᠂ ᠠᠯᠢᠪᠠ ᠬᠠᠤᠯᠢ ᠬᠡᠷᠡᠭᠵᠢᠬᠦᠯᠬᠦ ᠬᠦᠮᠦᠰ ᠲᠤ ᠰᠡᠷᠡᠮᠵᠢᠯᠡᠬᠦᠯᠦᠯ ᠬᠦᠮᠦᠵᠢᠯ ᠬᠢᠵᠤ᠂ ᠤᠳᠤᠷᠢᠳᠬᠤ ᠺᠠᠳ᠋ᠷ ᠲᠤ ᠴᠢᠬᠡᠴᠢ ᠵᠠᠰᠠᠭ ᠤᠨ ᠶᠠᠷᠢᠯᠴᠠᠭ᠎ᠠ ᠬᠢᠵᠤ᠂ ᠭᠤᠤᠯ ᠴᠤᠭᠴᠠ ᠶᠢᠨ ᠬᠠᠷᠢᠭᠤᠴᠠᠯᠭ᠎ᠠ ᠶᠢ ᠦᠨᠡᠩᠬᠦ ᠰᠠᠶᠢᠳᠤᠷ ᠬᠦᠢᠴᠡᠳᠬᠡᠬᠦ ᠬᠡᠷᠡᠭᠳᠠᠢ ᠬᠡᠵᠠᠢ᠃      ᠰᠢᠶᠠᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠱᠠᠭᠠᠷᠳᠠᠯᠭ᠎ᠠ ᠶᠤᠰᠤᠭᠠᠷ᠂ ᠵᠠᠮ ᠲᠡᠬᠡᠬᠡᠪᠦᠷᠢ ᠶᠢᠨ ᠲᠤᠪᠴᠢᠶ᠎ᠠ ᠶᠢᠨ ᠨᠠᠮ ᠤᠨ ᠬᠤᠷᠢᠶ᠎ᠠ ᠨᠢ ᠢᠳᠡᠪᠬᠢᠳᠠᠢ ᠬᠦᠳᠡᠯᠦᠯᠴᠠᠨ᠂ ᠲᠠᠷᠠᠭᠠᠴᠢ ᠶᠢᠨ ᠠᠯᠬᠤᠮ ᠤᠨ ᠠᠵᠢᠯ ᠳᠤ ᠨᠠᠷᠢᠯᠢᠭ ᠪᠠᠶᠢᠷᠢᠯᠠᠭᠤᠯᠤᠯᠳᠠ ᠬᠢᠪᠠ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号