ᠯᠢᠨᠰᠢ ᠰᠢᠶᠠᠨ ᠤ ᠰᠢᠨ ᠴᠧᠩᠽᠢ ᠪᠠᠯᠭᠠᠰᠤ ᠶᠢᠨ ᠵᠠᠬ᠎ᠠ ᠲᠡᠯᠬᠡᠬᠦᠷ ᠤᠨ ᠬᠢᠨᠠᠨ ᠬᠠᠮᠢᠶᠠᠷᠤᠯᠳᠠ ᠶᠢᠨ ᠰᠠᠯᠪᠤᠷᠢ ᠳ᠋ᠦᠩ ᠲᠠᠢ ᠽᠢ ᠤᠰᠤᠨ ᠴᠦᠬᠦᠷᠦᠮ ᠤᠨ ᠪᠠᠷᠢᠯᠭ᠎ᠠ ᠶᠢᠨ ᠭᠠᠵᠠᠷ ᠤᠨ ᠬᠤᠭᠤᠯᠠᠨ ᠲᠠᠩᠬᠢᠮ ᠤᠨ ᠢᠳᠡᠬᠡᠨ ᠤ ᠠᠮᠤᠷ ᠲᠦᠪᠰᠢᠨ ᠳᠤ ᠲᠤᠰᠬᠠᠶᠢᠯᠠᠨ ᠪᠠᠶᠢᠴᠠᠭᠠᠯᠳᠠ ᠬᠢᠪᠠ
ᠨᠡᠶᠢᠲᠡᠯᠡᠭᠰᠡᠨ ᠴᠠᠭ᠄
2019-06-28
      ᠦᠢᠷ᠎ᠠ ᠳᠤ᠂ ᠯᠢᠨᠰᠢ ᠰᠢᠶᠠᠨ ᠤ ᠰᠢᠨ ᠴᠧᠩᠽᠢ ᠪᠠᠯᠭᠠᠰᠤ ᠶᠢᠨ ᠵᠠᠬ᠎ᠠ ᠲᠡᠯᠬᠡᠬᠦᠷ ᠤᠨ ᠬᠢᠨᠠᠨ ᠬᠠᠮᠢᠶᠠᠷᠤᠯᠳᠠ ᠶᠢᠨ ᠰᠠᠯᠪᠤᠷᠢ ᠨᠢ ᠦᠢᠯᠡᠳᠦᠯ ᠴᠢᠳᠠᠪᠬᠢ ᠪᠠᠨ ᠬᠦᠢᠴᠡᠳ ᠪᠠᠳᠠᠷᠠᠭᠤᠯᠤᠨ᠂ ᠢᠳᠡᠬᠡᠨ ᠤ ᠠᠮᠤᠷ ᠲᠦᠪᠰᠢᠨ ᠤ ᠬᠢᠨᠠᠨ ᠬᠠᠮᠢᠶᠠᠷᠤᠯᠳᠠ ᠶᠢᠨ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠵᠤ᠂ ᠲᠤᠬᠠᠢ ᠶᠢᠨ ᠭᠠᠵᠠᠷ ᠤᠨ ᠪᠤᠳᠠᠳᠠᠢ ᠪᠠᠶᠢᠳᠠᠯ ᠲᠠᠢ ᠪᠠᠨ ᠤᠶᠠᠯᠳᠤᠭᠤᠯᠤᠨ᠂ ᠬᠠᠤᠯᠢ ᠬᠡᠷᠡᠭᠵᠢᠬᠦᠯᠬᠦ ᠬᠦᠴᠦᠨ ᠢ ᠵᠤᠬᠢᠶᠠᠨ ᠪᠠᠶᠢᠭᠤᠯᠵᠤ ᠳ᠋ᠦᠩ ᠎ ᠲᠠᠢ ᠽᠢ ᠤᠰᠤᠨ ᠴᠦᠬᠦᠷᠦᠮ ᠤᠨ ᠬᠠᠷᠢᠶ᠎ᠠ ᠬᠡᠪᠴᠢᠶᠠᠨ ᠤ4 ᠪᠠᠷᠢᠯᠭ᠎ᠠ ᠶᠢᠨ ᠭᠠᠵᠠᠷ ᠤᠨ ᠬᠤᠭᠤᠯᠠᠨ ᠲᠠᠩᠬᠢᠮ ᠳᠤ ᠲᠤᠰᠬᠠᠶᠢᠯᠠᠨ ᠪᠠᠶᠢᠴᠠᠭᠠᠯᠳᠠ ᠬᠢᠪᠠ᠃       ᠲᠤᠰ ᠤᠳᠠᠭᠠᠨ ᠤ ᠪᠠᠶᠢᠴᠠᠭᠠᠯᠳᠠ ᠳᠤ ᠭᠤᠤᠯᠳᠠᠭᠤ ᠬᠤᠭᠤᠯᠠᠨ ᠲᠠᠩᠬᠢᠮ ᠤᠨ ᠬᠡᠷᠡᠴᠢ ᠲᠡᠮᠳᠡᠭ ᠪᠦᠷᠢᠨ ᠬᠦᠢᠴᠡᠳ ᠡᠰᠡᠬᠦ᠂ ᠲᠤᠬᠠᠶᠢᠯᠠᠭᠰᠠᠨ ᠠᠵᠢᠯ ᠤᠨ ᠬᠦᠮᠦᠰ ᠤᠨ ᠪᠠᠶ᠎ᠠ ᠶᠢᠨ ᠡᠷᠡᠬᠦᠯ ᠴᠢᠬᠢᠷᠠᠭ ᠤᠨ ᠪᠠᠶᠢᠳᠠᠯ᠂ ᠡᠳ᠋ᠰᠢᠯᠡᠬᠦᠯᠦᠨ ᠪᠤᠯᠪᠠᠰᠤᠷᠠᠭᠤᠯᠬᠤ ᠲᠠᠯᠠᠪᠤᠷ ᠤᠨ ᠬᠤᠭ ᠲᠤᠭᠤᠰᠤ ᠶᠢ ᠰᠡᠷᠬᠡᠶᠢᠯᠡᠬᠦ᠂ ᠢᠯᠠᠭ᠎ᠠ ᠪᠠᠳᠠᠭᠠᠨ᠎ᠠ ᠶᠢ ᠰᠡᠷᠬᠡᠶᠢᠯᠡᠬᠦ᠂ ᠬᠦᠳᠡᠯᠬᠡᠬᠦ ᠲᠤᠨᠤᠭ ᠲᠦᠬᠦᠬᠡᠷᠦᠮᠵᠢ ᠶᠢᠨ ᠪᠦᠳᠦᠮᠵᠢᠳᠠᠢ ᠡᠰᠡᠬᠦ᠂ ᠢᠳᠡᠬᠡᠨ ᠤ ᠤᠤᠯ ᠮᠠᠲ᠋ᠧᠷᠢᠶᠠᠯ ᠢ ᠬᠤᠳᠠᠯᠳᠤᠨ ᠤᠷᠤᠭᠤᠯᠬᠤ ᠬᠡᠷᠡᠴᠢ ᠪᠠᠷᠢᠮᠳᠠ ᠶᠢᠨ ᠬᠦᠢᠴᠡᠳ ᠪᠠᠶᠢᠳᠠᠯ ᠵᠢᠴᠢ ᠢᠳᠡᠬᠡᠨ ᠤ ᠵᠦᠢᠯ ᠢ ᠪᠤᠯᠪᠠᠰᠤᠷᠠᠭᠤᠯᠬᠤ᠂ ᠪᠠᠭᠠᠵᠢ ᠬᠡᠷᠡᠭᠰᠡᠯ ᠢ ᠠᠷᠢᠭᠤᠳᠬᠠᠬᠤ᠂ ᠢᠳᠡᠬᠡᠨ ᠤ ᠵᠦᠢᠯ ᠤᠨ ᠦᠯᠢᠬᠡᠷ ᠬᠡᠪ ᠢ ᠦᠯᠡᠳᠡᠬᠡᠬᠦ ᠵᠡᠷᠬᠡ ᠪᠠᠶᠢᠳᠠᠯ ᠳᠤ ᠪᠠᠶᠢᠴᠠᠭᠠᠯᠳᠠ ᠬᠢᠭᠰᠡᠨ ᠪᠠᠶᠢᠨ᠎ᠠ᠃ ᠲᠤᠬᠠᠢ ᠶᠢᠨ ᠲᠠᠯᠠᠪᠤᠷ ᠲᠤ ᠢᠯᠡᠷᠡᠬᠦᠯᠦᠭᠰᠡᠨ ᠠᠰᠠᠭᠤᠳᠠᠯ ᠎ ᠳᠤ ᠪᠠᠶᠢᠴᠠᠭᠠᠯᠳᠠ ᠶᠢᠨ ᠲᠤᠭᠤᠶᠢᠯᠠᠩ ᠠᠴᠠ ᠬᠢᠨᠠᠯᠳᠠ ᠲᠠᠯᠪᠢᠬᠤ ᠰᠠᠨᠠᠯ ᠤᠨ ᠪᠢᠴᠢᠭ ᠪᠠᠭᠤᠯᠭᠠᠬᠤ ᠶᠢᠨ ᠬᠠᠮᠳᠤ ᠲᠤᠭᠳᠠᠭᠰᠠᠨ ᠴᠠᠭ ᠤᠨ ᠲᠤᠳᠤᠷ᠎ᠠ ᠬᠠᠯᠠᠨ ᠰᠠᠶᠢᠵᠢᠷᠠᠭᠤᠯᠬᠤ ᠶᠢ ᠱᠠᠭᠠᠷᠳᠠᠪᠠ︔ ᠡᠬᠦᠨ ᠤ ᠲᠠᠭᠠᠤ ᠳᠤᠨᠢ ᠪᠠᠰᠠ ᠬᠤᠭᠤᠯᠠᠨ ᠲᠠᠩᠬᠢᠮ ᠤᠨ ᠬᠠᠷᠢᠭᠤᠴᠠᠯᠭᠠᠳᠠᠨ ᠵᠢᠴᠢ ᠠᠵᠢᠯᠳᠠᠳ ᠲᠤ ᠢᠳᠡᠬᠡᠨ ᠤᠮᠳᠠᠭᠠᠨ ᠤ ᠬᠠᠮᠢᠶᠠᠷᠤᠯᠳᠠ ᠶᠢᠨ ᠲᠦᠷᠢᠮᠵᠢᠬᠦᠨ ᠠᠵᠢᠯᠯᠠᠭ᠎ᠠ ᠪᠤᠯᠤᠨ ᠢᠳᠡᠬᠡᠨ ᠤᠮᠳᠠᠭᠠᠨ ᠤ ᠬᠤᠤᠷᠠᠳᠠᠯ ᠢ ᠤᠷᠢᠳᠴᠢᠯᠠᠨ ᠰᠡᠷᠬᠡᠶᠢᠯᠡᠬᠦ ᠬᠠᠮᠢᠶ᠎ᠠ ᠪᠦᠬᠦᠢ ᠮᠡᠳᠡᠯᠬᠡ ᠶᠢ ᠲᠠᠶᠢᠯᠪᠤᠷᠢᠯᠠᠨ ᠶᠠᠷᠢᠵᠤ᠂ ᠢᠳᠡᠬᠡᠨ ᠤᠮᠳᠠᠭᠠᠨ ᠤ ᠠᠮᠤᠷ ᠲᠦᠪᠰᠢᠨ ᠤ ᠪᠤᠯᠪᠠᠰᠤᠷᠠᠯ ᠢ ᠴᠢᠩᠭᠠᠳᠬᠠᠬᠤ ᠶᠢ ᠱᠠᠭᠠᠷᠳᠠᠵᠠᠢ᠃       ᠲᠤᠰ ᠤᠳᠠᠭᠠᠨ ᠤ ᠪᠠᠶᠢᠴᠠᠭᠠᠯᠳᠠ ᠪᠠᠷ ᠲᠠᠮᠵᠢᠨ᠂ ᠳ᠋ᠦᠩ ᠲᠠᠢ ᠽᠢ ᠤᠰᠤᠨ ᠴᠦᠬᠦᠷᠦᠮ ᠤᠨ ᠪᠠᠷᠢᠯᠭ᠎ᠠ ᠎ ᠶᠢᠨ ᠭᠠᠵᠠᠷ ᠤᠨ ᠢᠳᠡᠬᠡᠨ ᠤ ᠠᠮᠤᠷ ᠲᠦᠪᠰᠢᠨ ᠢ ᠴᠢᠬᠤᠯᠠᠴᠢᠯᠠᠬᠤ ᠬᠡᠮᠵᠢᠶ᠎ᠠ ᠶᠢ ᠪᠦᠳᠦᠮᠵᠢᠳᠠᠢ ᠲᠡᠬᠡᠭᠰᠢᠯᠡᠬᠦᠯᠵᠤ  ᠴᠢᠳᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠰᠢᠨ ᠴᠧᠩᠽᠢ ᠪᠠᠯᠭᠠᠰᠤ ᠶᠢᠨ ᠵᠠᠬ᠎ᠠ ᠲᠡᠯᠬᠡᠬᠦᠷ ᠤᠨ ᠬᠢᠨᠠᠨ ᠬᠠᠮᠢᠶᠠᠷᠤᠯᠳᠠ ᠶᠢᠨ ᠰᠠᠯᠪᠤᠷᠢ ᠨᠢ ᠬᠠᠤᠯᠢ ᠬᠡᠷᠡᠭᠵᠢᠬᠦᠯᠬᠦ ᠬᠦᠴᠦᠯᠡᠴᠠ ᠪᠠᠨ ᠨᠡᠮᠡᠭᠳᠡᠬᠦᠯᠦᠨ᠂ ᠦᠷᠬᠦᠯᠵᠢᠯᠡᠨ ᠮᠦᠷᠳᠡᠨ ᠪᠠᠶᠢᠴᠠᠭᠠᠵᠤ᠂ ᠳ᠋ᠦᠩ ᠲᠠᠢ ᠽᠢ ᠤᠰᠤᠨ ᠴᠦᠬᠦᠷᠦᠮ ᠤᠨ ᠪᠠᠷᠢᠯᠭ᠎ᠠ ᠶᠢᠨ ᠭᠠᠵᠠᠷ ᠤᠨ ᠢᠳᠡᠬᠡᠨ ᠤ ᠠᠮᠤᠷ ᠲᠦᠪᠰᠢᠨ ᠤ ᠬᠠᠮᠢᠶᠠᠷᠤᠯᠳᠠ ᠶᠢᠨ ᠬᠢᠷᠢ ᠲᠦᠪᠰᠢᠨ ᠢ ᠦᠨᠡᠩᠬᠦ ᠲᠡᠭᠡᠭᠰᠢᠯᠡᠬᠦᠯᠦᠨ᠂ ᠪᠠᠷᠢᠯᠭ᠎ᠠ ᠶᠢᠨ ᠭᠠᠵᠠᠷ ᠤᠨ ᠠᠵᠢᠯᠳᠠᠳ ᠤᠨ ᠪᠡᠶ᠎ᠠ ᠮᠠᠬᠠᠪᠤᠳ ᠤᠨ ᠡᠷᠡᠬᠦᠯ ᠴᠢᠬᠢᠷᠠᠭ ᠠᠮᠢ ᠨᠠᠰᠤᠨ ᠤ ᠠᠮᠤᠷ ᠲᠦᠪᠰᠢᠨ ᠢ ᠪᠠᠳᠤᠯᠠᠵᠤ᠂ ᠳ᠋ᠦᠩ ᠎ ᠲᠠᠢ ᠽᠢ ᠤᠰᠤᠨ ᠴᠦᠬᠦᠷᠦᠮ ᠤᠨ ᠪᠠᠷᠢᠯᠭ᠎ᠠ ᠶᠢ ᠬᠠᠮᠠᠭᠠᠯᠠᠵᠤ ᠲᠤᠰᠠᠯᠠᠬᠤ ᠳᠤ ᠬᠦᠴᠦᠨ ᠢᠶᠠᠨ ᠡᠷᠬᠦᠬᠦ ᠪᠤᠯᠤᠨ᠎ᠠ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号