6 ᠰᠠᠷ᠎ᠠ ᠶᠢᠨ22 ᠤ ᠡᠳᠦᠷ᠂ ᠦᠪᠦᠷ ᠮᠤᠩᠭᠤᠯ ᠤᠨ ᠾᠧᠩ ᠭᠤᠸᠠᠩ ᠳ᠋ᠠ ᠡᠮ ᠤᠨ ᠦᠢᠯᠡᠰ ᠤᠨ | ᠬᠤᠪᠢᠴᠠᠭᠠᠳᠤ ᠬᠠᠷᠢᠭᠤᠴᠠᠯᠭᠠᠳᠤ ᠺᠤᠮᠫᠠᠨᠢ ᠶᠢᠨ ᠪᠦᠬᠦ ᠲᠠᠯ᠎ᠠ ᠪᠠᠷ ᠠᠵᠢᠯᠯᠠᠭᠤᠯᠬᠤ ᠡᠬᠢᠯᠡᠯᠳᠠ ᠶᠢᠨ ᠶᠤᠰᠤᠯᠠᠯ | ᠤᠯᠠᠭᠠᠨᠬᠠᠳᠠ ᠬᠤᠳᠠ ᠶᠢᠨ ᠯᠢᠨᠰᠢ ᠰᠢᠶᠠᠨ ᠳᠤ ᠠᠮᠵᠢᠯᠳᠠᠳᠠᠢ ᠶᠠᠪᠤᠭᠳᠠᠪᠠ᠃ | ᠤᠯᠠᠭᠠᠨᠬᠠᠳᠠ ᠬᠤᠳᠠ ᠶᠢᠨ ᠠᠷᠠᠯᠵᠢᠶ᠎ᠠ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ ᠶᠢᠨ ᠲᠡᠳ᠋ ᠲᠠᠷᠤᠭ᠎ᠠ | ᠯᠢᠶᠠᠩ ᠱᠦ ᠵᠢᠶᠦ᠋ᠨ᠂ ᠤᠯᠠᠭᠠᠨᠬᠠᠳᠠ ᠬᠤᠳᠠ ᠶᠢᠨ ᠵᠠᠬ᠎ᠠ ᠲᠡᠯᠬᠡᠬᠦᠷ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠠ | ᠶᠢᠨ ᠲᠡᠳ᠋ ᠲᠠᠷᠤᠭ᠎ᠠ ᠰᠢᠦᠢ ᠯᠢᠶᠠᠨ ᠴᠧᠩ᠂ ᠲᠤᠮᠳᠠᠳᠤ ᠤᠯᠤᠰ ᠤᠨ ᠡᠮ ᠤᠨ ᠬᠡᠷᠡᠭᠯᠡᠬᠡᠨ ᠤ ᠤᠷᠭᠤᠮᠠᠯ ᠢ | ᠰᠤᠳᠤᠯᠬᠤ ᠰᠠᠯᠪᠤᠷᠢ ᠶᠢᠨ ᠲᠠᠷᠤᠭ᠎ᠠ᠂ ᠪᠡᠭᠡᠵᠢᠩ ᠤᠨ ᠬᠢᠳᠡᠳ ᠡᠮᠨᠡᠯᠬᠡ ᠶᠢᠨ ᠶᠡᠭᠡ ᠰᠤᠷᠭᠠᠭᠤᠯᠢ ᠶᠢᠨ ᠫᠷᠤᠹᠧᠰᠰᠤᠷ | ᠸᠠᠩ ᠸᠧᠨ ᠴᠢᠦᠸᠠᠨ᠂ ᠪᠡᠭᠡᠵᠢᠩ ᠤᠨ ᠬᠢᠮᠢ ᠶᠢᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠫᠷᠤᠹᠧᠰᠰᠤᠷ | ᠾᠧ ᠢᠦᠢ ᠵᠢᠶᠦ᠋ᠨ᠂ ᠦᠪᠦᠷ ᠮᠤᠩᠭᠤᠯ ᠤᠨ ᠡᠮᠨᠡᠯᠬᠡ ᠶᠢᠨ ᠶᠡᠭᠡ ᠰᠤᠷᠭᠠᠭᠤᠯᠢ ᠶᠢᠨ ᠫᠷᠤᠹᠧᠰᠰᠤᠷ ᠴᠢᠩ ᠮᠧᠢ᠂ | ᠦᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠤᠹᠧᠰᠰᠤᠷ ᠼᠣᠣ ᠭᠦᠢ ᠹᠠᠩ᠂ ᠦᠪᠦᠷ | ᠮᠤᠩᠭᠤᠯ ᠤᠨ ᠦᠨᠳᠦᠰᠦᠳᠡᠨ ᠤ ᠶᠡᠭᠡ ᠰᠤᠷᠭᠠᠭᠤᠯᠢ ᠶᠢᠨ ᠲᠠᠷᠢᠶᠠᠯᠠᠩ ᠤᠨ ᠲᠡᠬᠡᠳᠦ ᠰᠤᠷᠭᠠᠭᠤᠯᠢ ᠶᠢᠨ ᠲᠡᠳ᠋ | ᠲᠠᠷᠤᠭ᠎ᠠ ᠯᠢ ᡁᠢ ᠭᠠᠩ᠂ ᠰᠢᠦ ᠵᠧᠩ ᠡᠮ ᠤᠨ ᠦᠢᠯᠡᠰ ᠤᠨ ᠠᠵᠢᠯᠯᠠᠭᠠᠨ ᠤ ᠲᠡᠳ᠋ ᠵᠠᠬᠢᠷᠤᠯ᠂ ᠴᠧᠩ ᠳ᠋ᠦ᠋ ᠬᠢᠳᠡᠳ | ᠡᠮ ᠤᠨ ᠮᠠᠲ᠋ᠧᠷᠢᠶᠠᠯ ᠤᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠶᠢᠨ ᠶᠡᠷᠦᠩᠬᠡᠢ ᠲᠠᠭᠠᠭᠠᠮᠠᠯ ᠴᠧᠨ ᠯᠢᠶᠠᠨ ᠴᠧᠩ᠂ | ᠠᠷᠤ ᠬᠤᠷᠴᠢᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠬᠤᠰᠢᠭᠤᠨ ᠤ ᠵᠠᠰᠠᠭ ᠤᠨ | ᠤᠷᠳᠤᠨ ᠤ ᠪᠠᠶᠢᠩᠭᠤ ᠶᠢᠨ ᠲᠡᠳ᠋ ᠲᠠᠷᠤᠭ᠎ᠠ ᠯᠢᠦᠢ ᠬᠠᠢ ᠲᠤᠤ᠂ ᠯᠢᠨᠰᠢ ᠰᠢᠶᠠᠨ ᠤ ᠨᠠᠮ ᠤᠨ ᠬᠤᠷᠢᠶᠠᠨ ᠤ ᠱᠦᠵᠢ | ᠲᠢᠶᠠᠨ ᠰᠢᠶᠠᠩ ᠼᠦᠨ᠂ ᠲᠡᠳ᠋ ᠰᠢᠶᠠᠨ ᠤ ᠲᠠᠷᠤᠭ᠎ᠠ ᠶᠠᠩ ᠵᠢᠩ ᠯᠢᠨ᠂ ᠯᠢᠨᠰᠢ ᠰᠢᠶᠠᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠬᠡᠰᠢᠬᠦᠨ᠂ ᠠᠯᠪᠠᠨ ᠬᠡᠷ ᠤᠨ ᠡᠷᠬᠢᠯᠡᠭᠴᠢ ᠵᠠᠩ ᡁᠢ ᠸᠧᠢ᠂ ᠯᠢᠨᠰᠢ ᠰᠢᠶᠠᠨ ᠤ ᠨᠠᠮ ᠤᠨ ᠬᠤᠷᠢᠶᠠᠨ | ᠤ ᠪᠠᠶᠢᠩᠭᠤ ᠶᠢᠨ ᠬᠡᠰᠢᠬᠦᠨ᠂ ᠲᠡᠳ᠋ ᠰᠢᠶᠠᠨ ᠤ ᠲᠠᠷᠤᠭ᠎ᠠ ᠬᠤ᠋ ᠼᠠᠢ ᡁᠢ᠂ ᠤᠯᠠᠭᠠᠨᠬᠠᠳᠠ ᠬᠤᠳᠠ ᠶᠢᠨ ᠡᠯ᠎ᠡ | ᠵᠦᠪᠯᠡᠯ ᠠᠯᠪᠠᠨ ᠬᠡᠷ ᠲᠤᠪᠴᠢᠶ᠎ᠠ᠂ ᠯᠢᠨᠰᠢ ᠰᠢᠶᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠤᠯᠤᠰ ᠲᠦᠷᠦ ᠶᠢᠨ ᠵᠦᠪᠯᠡᠯᠬᠡᠨ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ | ᠲᠤᠪᠴᠢᠶ᠎ᠠ ᠵᠢᠴᠢ ᠰᠢᠶᠠᠩ ᠪᠠᠯᠭᠠᠰᠤ ᠶᠢᠨ ᠤᠳᠤᠷᠢᠳᠤᠯᠭ᠎ᠠ᠂ ᠬᠤᠸᠠ ᠲᠢᠶᠠᠨ ᠪᠦᠯᠦᠭᠯᠡᠯ ᠤᠨ ᠬᠡᠷᠡᠭᠯᠡᠭᠴᠢᠳ ᠤᠨ | ᠲᠦᠯᠦᠬᠡᠯᠡᠭᠴᠢ᠂ ᠪᠡᠭᠡᠵᠢᠩ ᠤᠨ ᠬᠢᠳᠡᠳ ᠡᠮᠨᠡᠯᠬᠡ ᠶᠢᠨ ᠶᠡᠭᠡ ᠰᠤᠷᠭᠠᠭᠤᠯᠢ ᠶᠢᠨ ᠶᠡᠷᠦᠩᠬᠡᠢ ᠵᠠᠬᠢᠷᠤᠯ ᠤᠨ ᠠᠩᠬᠢ | ᠶᠢᠨ ᠲᠦᠯᠦᠬᠡᠯᠡᠭᠴᠢ᠂ ᠾᠧᠩ ᠭᠤᠸᠠᠩ ᠳ᠋ᠠ ᠺᠤᠮᠫᠠᠨᠢ ᠶᠢᠨ ᠬᠡᠷᠡᠭᠯᠡᠭᠴᠢᠳ ᠤᠨ ᠲᠦᠯᠦᠬᠡᠯᠡᠭᠴᠢ ᠨᠠᠷ ᠲᠤᠰ | ᠤᠳᠠᠭᠠᠨ ᠤ ᠡᠬᠢᠯᠡᠯᠳᠠ ᠶᠢᠨ ᠶᠤᠰᠤᠯᠠᠯ ᠳᠤ ᠰᠠᠭᠠᠳᠠᠵᠠᠢ᠃ | ᠡᠬᠢᠯᠡᠯᠳᠠ ᠶᠢᠨ ᠶᠤᠰᠤᠯᠠᠯ ᠳᠤ᠂ ᠰᠢᠦᠢ ᠯᠢᠶᠠᠨ ᠴᠧᠩ ᠠᠴᠠ ᠬᠤᠳᠠ ᠶᠢᠨ ᠵᠠᠬ᠎ᠠ ᠲᠡᠯᠬᠡᠬᠦᠷ ᠤᠨ ᠬᠢᠨᠠᠨ | ᠬᠠᠮᠢᠶᠠᠷᠤᠯᠳᠠ ᠶᠢᠨ ᠲᠤᠪᠴᠢᠶ᠎ᠠ ᠶᠢ ᠲᠦᠯᠦᠬᠡᠯᠡᠨ ᠾᠧᠩ ᠭᠤᠸᠠᠩ ᠳ᠋ᠠ ᠡᠮ ᠤᠨ ᠦᠢᠯᠡᠰ ᠤᠨ ᠡᠮ ᠤᠨ ᠵᠦᠢᠯ | ᠤᠨGMP ᠦᠨᠡᠯᠡᠨ ᠬᠡᠷᠡᠴᠢᠯᠡᠯᠳᠠ ᠵᠢᠴᠢ ᠦᠢᠯᠡᠳᠪᠦᠷᠢᠯᠡᠬᠦ ᠶᠢ ᠵᠦᠪᠰᠢᠶᠡᠷᠡᠭᠰᠡᠨ ᠬᠡᠷᠡᠴᠢ ᠲᠡᠮᠳᠡᠭ ᠶᠢ | ᠦᠩᠬᠡᠷᠡᠭᠡᠭᠰᠡᠨ ᠳᠤ ᠬᠠᠯᠠᠭᠤᠨ ᠪᠠᠶᠠᠷ ᠬᠦᠷᠬᠡᠵᠤ ᠪᠠᠶᠢᠬᠤ ᠪᠠᠨ ᠢᠯᠡᠳᠬᠡᠬᠦ ᠶᠢᠨ ᠬᠠᠮᠳᠤ ᠾᠧᠩ ᠭᠤᠸᠠᠩ ᠳ᠋ᠠ ᠡᠮ | ᠤᠨ ᠦᠢᠯᠡᠰ ᠤᠨ ᠬᠤᠶᠢᠰᠢᠳᠠ ᠶᠢᠨ ᠬᠦᠭᠵᠢᠯᠳᠠ ᠳᠤ ᠴᠢᠨᠠᠷ ᠴᠢᠨᠰᠠᠭ᠎ᠠ ᠶᠢ ᠲᠡᠷᠢᠬᠦᠨ ᠪᠠᠶᠢᠷᠢᠨ ᠳᠤ ᠲᠠᠯᠪᠢᠵᠤ᠂ | ᠵᠢᠱᠢᠶᠡᠴᠢ ᠪᠠᠷ ᠲᠠᠶᠢᠴᠢᠯᠠᠨ ᠲᠠᠭᠠᠭᠤᠯᠬᠤ ᠶᠢ ᠴᠢᠬᠤᠯᠠᠴᠢᠯᠠᠨ᠂ ᠬᠤᠳᠠ ᠰᠢᠶᠠᠨ ᠤ ᠲᠤᠭᠳᠠᠭᠠᠭᠰᠠᠨ ᠡᠮ ᠤᠨ | ᠦᠢᠯᠡᠰ ᠤᠨ ᠬᠦᠭᠵᠢᠯᠳᠠ ᠶᠢᠨ ᠲᠦᠷᠦ ᠶᠢᠨ ᠪᠤᠳᠤᠯᠭ᠎ᠠ ᠶᠢ ᠰᠠᠶᠢᠳᠤᠷ ᠠᠰᠢᠭᠯᠠᠵᠤ᠂ ︽ᠲᠤᠯᠤᠭᠠᠶᠢᠯᠠᠭᠴᠢ︾ ᠠᠵᠤ | ᠦᠢᠯᠡᠰ ᠤᠨ ᠦᠢᠯᠡᠳᠦᠯ ᠢ ᠬᠦᠢᠴᠡᠳ ᠪᠠᠳᠠᠷᠠᠭᠤᠯᠤᠨ᠂ ᠡᠮ ᠤᠨ ᠡᠷᠡᠬᠦᠯ ᠠᠵᠤ ᠠᠬᠤᠶᠢᠯᠠᠯ ᠤᠨ ᠵᠢᠱᠢᠶᠡᠴᠢ ᠪᠤᠯᠬᠤ | ᠪᠠᠷ ᠴᠢᠷᠮᠠᠶᠢᠬᠤ ᠶᠢ ᠬᠦᠰᠡᠵᠤ ᠪᠠᠶᠢᠨ᠎ᠠ ᠬᠡᠵᠠᠢ᠃ ᠮᠦᠨᠴᠦ ᠬᠤᠳᠠ ᠶᠢᠨ ᠵᠠᠬ᠎ᠠ ᠲᠡᠯᠬᠡᠬᠦᠷ ᠤᠨ ᠬᠢᠨᠠᠨ ᠬᠠᠮᠢᠶᠠᠷᠤᠯᠳᠠ | ᠶᠢᠨ ᠰᠠᠯᠠᠭ᠎ᠠ ᠮᠦᠴᠢᠷ ᠨᠢ ᠦᠷᠬᠦᠯᠵᠢᠯᠡᠨ ᠪᠦᠬᠦ ᠬᠦᠴᠦᠨ ᠢᠶᠠᠷ ᠠᠵᠤ ᠠᠬᠤᠶᠢᠯᠠᠯ ᠤᠨ ᠬᠦᠭᠵᠢᠯᠳᠠ ᠶᠢ ᠲᠡᠮᠵᠢᠵᠤ᠂ | ᠤᠯᠠᠨ ᠲᠠᠯ᠎ᠠ ᠠᠴᠠ ᠠᠵᠤ ᠠᠬᠤᠶᠢᠯᠠᠯ ᠳᠤ ᠦᠢᠯᠡᠴᠢᠯᠡᠭᠡ ᠬᠠᠩᠭᠠᠨ᠂ ᠪᠦᠬᠦ ᠬᠤᠳᠠ ᠶᠢᠨ ᠡᠮ ᠤᠨ ᠠᠵᠤ ᠦᠢᠯᠡᠰ | ᠤᠨ ᠡᠷᠡᠬᠦᠯ ᠬᠦᠭᠵᠢᠯᠳᠠ ᠶᠢ ᠠᠬᠢᠭᠤᠯᠤᠨ᠎ᠠ ᠬᠡᠵᠤ ᠢᠯᠡᠷᠬᠡᠶᠢᠯᠡᠪᠡ᠃ | ᠦᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠼᠣᠣ ᠬᠦᠢ ᠹᠠᠩ ᠫᠷᠤᠹᠧᠰᠰᠤᠷ ᠶᠠᠷᠢᠶᠠᠨ | ᠲᠤᠮᠳᠠ ᠪᠠᠨ ᠢᠯᠡᠷᠬᠡᠶᠢᠯᠡᠭᠰᠡᠨ ᠨᠢ᠂ ᠾᠧᠩ ᠭᠤᠸᠠᠩ ᠳ᠋ᠠ ᠡᠮ ᠤᠨ ᠦᠢᠯᠡᠰ ᠪᠤᠯ ᠡᠮ ᠤᠨ ᠴᠢᠬᠢ ᠪᠤᠶᠢᠵᠢᠭᠤᠯᠬᠤ᠂ | ᠲᠡᠷᠢᠵᠤ ᠤᠷᠭᠤᠭᠤᠯᠬᠤ᠂ ᠮᠡᠷᠬᠡᠵᠢᠯ ᠤᠨ ᠦᠢᠯᠡᠴᠢᠯᠡᠭᠡ᠂ ᠤᠭᠤᠬᠤ ᠡᠮ ᠢ ᠡᠳ᠋ᠰᠢᠯᠡᠬᠦᠯᠬᠦ᠂ ᠬᠢᠳᠡᠳ ᠡᠮ ᠢ | ᠪᠤᠯᠪᠠᠰᠤᠷᠠᠭᠤᠯᠬᠤ᠂ ᠪᠤᠷᠤᠯᠠᠭᠤᠯᠬᠤ ᠬᠦᠢᠯᠬᠡᠬᠡ ᠶᠢ ᠨᠢᠬᠡ ᠴᠤᠭᠴᠠᠵᠢᠭᠤᠯᠤᠭᠰᠠᠨ ᠬᠢᠳᠡᠳ ᠡᠮ ᠤᠨ ᠡᠷᠡᠬᠦᠯ | ᠦᠢᠯᠡᠳᠬᠦᠨ ᠤ ᠠᠵᠤ ᠦᠢᠯᠡᠰ ᠤᠨ ᠬᠡᠯᠬᠢᠶᠡᠵᠢᠭᠰᠡᠨ ᠠᠷᠠᠳ ᠲᠤ ᠲᠦᠬᠦᠮ ᠦᠵᠡᠬᠦᠯᠬᠦ᠂ ᠠᠷᠠᠳ ᠤᠨ ᠲᠦᠯᠦᠬᠡ | ᠬᠡᠰᠡᠨ ᠪᠤᠬᠢᠷᠳᠦᠯ ᠦᠬᠡᠢ ᠠᠵᠤ ᠠᠬᠤᠶᠢᠯᠠᠯ ᠪᠤᠯᠤᠨ᠎ᠠ ᠬᠡᠵᠠᠢ᠃ | ᠾᠧᠩ ᠭᠤᠸᠠᠩ ᠡᠮ ᠤᠨ ᠦᠢᠯᠡᠰ ᠨᠢ ᠨᠡᠶᠢᠬᠡᠮ ᠤᠨ ᠡᠯ᠎ᠡ ᠡᠳᠡᠬᠡᠳ ᠤᠨ ᠬᠠᠯᠠᠮᠵᠢᠯᠠᠯ ᠲᠡᠮᠵᠢᠯᠬᠡ ᠲᠤᠤᠷ᠎ᠠ | ᠂ ᠪᠦᠬᠦ ᠲᠠᠯ᠎ᠠ ᠪᠠᠷ ᠠᠵᠢᠯᠯᠠᠭᠤᠯᠬᠤ ᠰᠢᠨ᠎ᠠ ᠠᠶᠠᠨ ᠵᠠᠮ ᠢᠶᠠᠨ ᠡᠬᠢᠯᠡᠬᠦᠯᠵᠤ᠂ ᠾᠧᠩ ᠭᠤᠸᠠᠩ ᠡᠮ ᠤᠨ ᠦᠢᠯᠡᠰ | ᠤᠨ ᠬᠡᠷᠡᠭ ᠮᠡᠳᠡᠭᠴᠢ ᠶᠢᠨ ᠲᠠᠷᠤᠭ᠎ᠠ ᠱᠣᠣ ᠬᠠᠩ ᠶᠠᠨ ᠢᠯᠡᠷᠬᠡᠶᠢᠯᠡᠬᠦ ᠳᠡᠭᠡᠨ᠂ ᠾᠧᠩ ᠭᠤᠸᠠᠩ ᠳ᠋ᠠ ᠡᠮ ᠤᠨ | ᠦᠢᠯᠡᠰ ᠤᠨ ᠬᠦᠭᠵᠢᠯᠳᠠ ᠶᠢ ᠬᠠᠯᠠᠮᠵᠢᠯᠠᠭᠰᠠᠭᠠᠷ ᠢᠷᠡᠭᠰᠡᠨ ᠡᠯ᠎ᠡ ᠱᠠᠳᠤᠨ ᠤ ᠤᠳᠤᠷᠢᠳᠤᠯᠭ᠎ᠠ ᠨᠠᠷ ᠲᠤ ᠬᠦᠨ | ᠲᠠᠯᠠᠷᠬᠠᠯ ᠢᠶᠠᠨ ᠢᠯᠡᠳᠬᠡᠵᠤ ᠪᠠᠶᠢᠨ᠎ᠠ᠂ ᠾᠧᠩ ᠭᠤᠸᠠᠩ ᠳ᠋ᠠ ᠨᠢ ᠬᠠᠤᠯᠢ ᠲᠦᠷᠢᠮ ᠢ ᠵᠢᠷᠤᠮᠯᠠᠨ᠂ ᠡᠷᠡᠬᠦᠯ | ᠬᠦᠭᠵᠢᠯᠳᠠ ᠶᠢ ᠠᠩᠬᠠᠷᠴᠤ᠂ ᠠᠷᠠᠳ ᠲᠦᠮᠡᠨ ᠤ ᠰᠠᠨᠠᠭ᠎ᠠ ᠠᠮᠤᠷ ᠡᠮ ᠤᠨ ᠠᠵᠤ ᠠᠬᠤᠶᠢᠯᠠᠯ ᠪᠤᠯᠵᠤ᠂ ᠡᠮ ᠤᠨ | ᠠᠵᠤ ᠦᠢᠯᠡᠰ ᠲᠤ ᠬᠦᠴᠦᠨ ᠢᠶᠠᠨ ᠡᠷᠬᠦᠬᠦ ᠪᠠᠷ ᠴᠢᠷᠮᠠᠶᠢᠨ᠎ᠠ ᠭᠡᠵᠠᠢ᠃ |