| ᠦᠢᠷ᠎ᠠ ᠳᠤ᠂ ᠯᠢᠨᠰᠢ ᠰᠢᠶᠠᠨ ᠤ ᠰᠢᠨ ᠴᠧᠩᠽᠢ ᠪᠠᠯᠭᠠᠰᠤ ᠶᠢᠨ ᠵᠠᠬ᠎ᠠ ᠲᠡᠯᠬᠡᠬᠦᠷ ᠤᠨ ᠬᠢᠨᠠᠨ | ᠬᠠᠮᠢᠶᠠᠷᠤᠯᠳᠠ ᠶᠢᠨ ᠰᠠᠯᠪᠤᠷᠢ ᠨᠢ ᠦᠢᠯᠡᠳᠦᠯ ᠴᠢᠳᠠᠪᠬᠢ ᠪᠠᠨ ᠬᠦᠢᠴᠡᠳ ᠪᠠᠳᠠᠷᠠᠭᠤᠯᠤᠨ᠂ ᠢᠳᠡᠬᠡᠨ ᠤ ᠠᠮᠤᠷ | ᠲᠦᠪᠰᠢᠨ ᠤ ᠬᠢᠨᠠᠨ ᠬᠠᠮᠢᠶᠠᠷᠤᠯᠳᠠ ᠶᠢᠨ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠵᠤ᠂ ᠲᠤᠬᠠᠢ ᠶᠢᠨ ᠭᠠᠵᠠᠷ ᠤᠨ | ᠪᠤᠳᠠᠳᠠᠢ ᠪᠠᠶᠢᠳᠠᠯ ᠲᠠᠢ ᠪᠠᠨ ᠤᠶᠠᠯᠳᠤᠭᠤᠯᠤᠨ᠂ ᠬᠠᠤᠯᠢ ᠬᠡᠷᠡᠭᠵᠢᠬᠦᠯᠬᠦ ᠬᠦᠴᠦᠨ ᠢ ᠵᠤᠬᠢᠶᠠᠨ ᠪᠠᠶᠢᠭᠤᠯᠵᠤ ᠳ᠋ᠦᠩ | ᠲᠠᠢ ᠽᠢ ᠤᠰᠤᠨ ᠴᠦᠬᠦᠷᠦᠮ ᠤᠨ ᠬᠠᠷᠢᠶ᠎ᠠ ᠬᠡᠪᠴᠢᠶᠠᠨ ᠤ4 ᠪᠠᠷᠢᠯᠭ᠎ᠠ ᠶᠢᠨ ᠭᠠᠵᠠᠷ ᠤᠨ ᠬᠤᠭᠤᠯᠠᠨ ᠲᠠᠩᠬᠢᠮ ᠳᠤ | ᠲᠤᠰᠬᠠᠶᠢᠯᠠᠨ ᠪᠠᠶᠢᠴᠠᠭᠠᠯᠳᠠ ᠬᠢᠪᠠ᠃ | ᠲᠤᠰ ᠤᠳᠠᠭᠠᠨ ᠤ ᠪᠠᠶᠢᠴᠠᠭᠠᠯᠳᠠ ᠳᠤ ᠭᠤᠤᠯᠳᠠᠭᠤ ᠬᠤᠭᠤᠯᠠᠨ ᠲᠠᠩᠬᠢᠮ ᠤᠨ ᠬᠡᠷᠡᠴᠢ ᠲᠡᠮᠳᠡᠭ ᠪᠦᠷᠢᠨ | ᠬᠦᠢᠴᠡᠳ ᠡᠰᠡᠬᠦ᠂ ᠲᠤᠬᠠᠶᠢᠯᠠᠭᠰᠠᠨ ᠠᠵᠢᠯ ᠤᠨ ᠬᠦᠮᠦᠰ ᠤᠨ ᠪᠠᠶ᠎ᠠ ᠶᠢᠨ ᠡᠷᠡᠬᠦᠯ ᠴᠢᠬᠢᠷᠠᠭ ᠤᠨ ᠪᠠᠶᠢᠳᠠᠯ᠂ | ᠡᠳ᠋ᠰᠢᠯᠡᠬᠦᠯᠦᠨ ᠪᠤᠯᠪᠠᠰᠤᠷᠠᠭᠤᠯᠬᠤ ᠲᠠᠯᠠᠪᠤᠷ ᠤᠨ ᠬᠤᠭ ᠲᠤᠭᠤᠰᠤ ᠶᠢ ᠰᠡᠷᠬᠡᠶᠢᠯᠡᠬᠦ᠂ ᠢᠯᠠᠭ᠎ᠠ ᠪᠠᠳᠠᠭᠠᠨ᠎ᠠ ᠶᠢ | ᠰᠡᠷᠬᠡᠶᠢᠯᠡᠬᠦ᠂ ᠬᠦᠳᠡᠯᠬᠡᠬᠦ ᠲᠤᠨᠤᠭ ᠲᠦᠬᠦᠬᠡᠷᠦᠮᠵᠢ ᠶᠢᠨ ᠪᠦᠳᠦᠮᠵᠢᠳᠠᠢ ᠡᠰᠡᠬᠦ᠂ ᠢᠳᠡᠬᠡᠨ ᠤ ᠤᠤᠯ ᠮᠠᠲ᠋ᠧᠷᠢᠶᠠᠯ ᠢ | ᠬᠤᠳᠠᠯᠳᠤᠨ ᠤᠷᠤᠭᠤᠯᠬᠤ ᠬᠡᠷᠡᠴᠢ ᠪᠠᠷᠢᠮᠳᠠ ᠶᠢᠨ ᠬᠦᠢᠴᠡᠳ ᠪᠠᠶᠢᠳᠠᠯ ᠵᠢᠴᠢ ᠢᠳᠡᠬᠡᠨ ᠤ ᠵᠦᠢᠯ ᠢ | ᠪᠤᠯᠪᠠᠰᠤᠷᠠᠭᠤᠯᠬᠤ᠂ ᠪᠠᠭᠠᠵᠢ ᠬᠡᠷᠡᠭᠰᠡᠯ ᠢ ᠠᠷᠢᠭᠤᠳᠬᠠᠬᠤ᠂ ᠢᠳᠡᠬᠡᠨ ᠤ ᠵᠦᠢᠯ ᠤᠨ ᠦᠯᠢᠬᠡᠷ ᠬᠡᠪ ᠢ ᠦᠯᠡᠳᠡᠬᠡᠬᠦ | ᠵᠡᠷᠬᠡ ᠪᠠᠶᠢᠳᠠᠯ ᠳᠤ ᠪᠠᠶᠢᠴᠠᠭᠠᠯᠳᠠ ᠬᠢᠭᠰᠡᠨ ᠪᠠᠶᠢᠨ᠎ᠠ᠃ ᠲᠤᠬᠠᠢ ᠶᠢᠨ ᠲᠠᠯᠠᠪᠤᠷ ᠲᠤ ᠢᠯᠡᠷᠡᠬᠦᠯᠦᠭᠰᠡᠨ ᠠᠰᠠᠭᠤᠳᠠᠯ | ᠳᠤ ᠪᠠᠶᠢᠴᠠᠭᠠᠯᠳᠠ ᠶᠢᠨ ᠲᠤᠭᠤᠶᠢᠯᠠᠩ ᠠᠴᠠ ᠬᠢᠨᠠᠯᠳᠠ ᠲᠠᠯᠪᠢᠬᠤ ᠰᠠᠨᠠᠯ ᠤᠨ ᠪᠢᠴᠢᠭ ᠪᠠᠭᠤᠯᠭᠠᠬᠤ ᠶᠢᠨ ᠬᠠᠮᠳᠤ | ᠲᠤᠭᠳᠠᠭᠰᠠᠨ ᠴᠠᠭ ᠤᠨ ᠲᠤᠳᠤᠷ᠎ᠠ ᠬᠠᠯᠠᠨ ᠰᠠᠶᠢᠵᠢᠷᠠᠭᠤᠯᠬᠤ ᠶᠢ ᠱᠠᠭᠠᠷᠳᠠᠪᠠ︔ ᠡᠬᠦᠨ ᠤ ᠲᠠᠭᠠᠤ ᠳᠤᠨᠢ ᠪᠠᠰᠠ | ᠬᠤᠭᠤᠯᠠᠨ ᠲᠠᠩᠬᠢᠮ ᠤᠨ ᠬᠠᠷᠢᠭᠤᠴᠠᠯᠭᠠᠳᠠᠨ ᠵᠢᠴᠢ ᠠᠵᠢᠯᠳᠠᠳ ᠲᠤ ᠢᠳᠡᠬᠡᠨ ᠤᠮᠳᠠᠭᠠᠨ ᠤ ᠬᠠᠮᠢᠶᠠᠷᠤᠯᠳᠠ ᠶᠢᠨ | ᠲᠦᠷᠢᠮᠵᠢᠬᠦᠨ ᠠᠵᠢᠯᠯᠠᠭ᠎ᠠ ᠪᠤᠯᠤᠨ ᠢᠳᠡᠬᠡᠨ ᠤᠮᠳᠠᠭᠠᠨ ᠤ ᠬᠤᠤᠷᠠᠳᠠᠯ ᠢ ᠤᠷᠢᠳᠴᠢᠯᠠᠨ ᠰᠡᠷᠬᠡᠶᠢᠯᠡᠬᠦ ᠬᠠᠮᠢᠶ᠎ᠠ | ᠪᠦᠬᠦᠢ ᠮᠡᠳᠡᠯᠬᠡ ᠶᠢ ᠲᠠᠶᠢᠯᠪᠤᠷᠢᠯᠠᠨ ᠶᠠᠷᠢᠵᠤ᠂ ᠢᠳᠡᠬᠡᠨ ᠤᠮᠳᠠᠭᠠᠨ ᠤ ᠠᠮᠤᠷ ᠲᠦᠪᠰᠢᠨ ᠤ ᠪᠤᠯᠪᠠᠰᠤᠷᠠᠯ ᠢ | ᠴᠢᠩᠭᠠᠳᠬᠠᠬᠤ ᠶᠢ ᠱᠠᠭᠠᠷᠳᠠᠵᠠᠢ᠃ | ᠲᠤᠰ ᠤᠳᠠᠭᠠᠨ ᠤ ᠪᠠᠶᠢᠴᠠᠭᠠᠯᠳᠠ ᠪᠠᠷ ᠲᠠᠮᠵᠢᠨ᠂ ᠳ᠋ᠦᠩ ᠲᠠᠢ ᠽᠢ ᠤᠰᠤᠨ ᠴᠦᠬᠦᠷᠦᠮ ᠤᠨ ᠪᠠᠷᠢᠯᠭ᠎ᠠ | ᠶᠢᠨ ᠭᠠᠵᠠᠷ ᠤᠨ ᠢᠳᠡᠬᠡᠨ ᠤ ᠠᠮᠤᠷ ᠲᠦᠪᠰᠢᠨ ᠢ ᠴᠢᠬᠤᠯᠠᠴᠢᠯᠠᠬᠤ ᠬᠡᠮᠵᠢᠶ᠎ᠠ ᠶᠢ ᠪᠦᠳᠦᠮᠵᠢᠳᠠᠢ ᠲᠡᠬᠡᠭᠰᠢᠯᠡᠬᠦᠯᠵᠤ | ᠴᠢᠳᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠰᠢᠨ ᠴᠧᠩᠽᠢ ᠪᠠᠯᠭᠠᠰᠤ ᠶᠢᠨ ᠵᠠᠬ᠎ᠠ ᠲᠡᠯᠬᠡᠬᠦᠷ ᠤᠨ ᠬᠢᠨᠠᠨ | ᠬᠠᠮᠢᠶᠠᠷᠤᠯᠳᠠ ᠶᠢᠨ ᠰᠠᠯᠪᠤᠷᠢ ᠨᠢ ᠬᠠᠤᠯᠢ ᠬᠡᠷᠡᠭᠵᠢᠬᠦᠯᠬᠦ ᠬᠦᠴᠦᠯᠡᠴᠠ ᠪᠠᠨ ᠨᠡᠮᠡᠭᠳᠡᠬᠦᠯᠦᠨ᠂ ᠦᠷᠬᠦᠯᠵᠢᠯᠡᠨ | ᠮᠦᠷᠳᠡᠨ ᠪᠠᠶᠢᠴᠠᠭᠠᠵᠤ᠂ ᠳ᠋ᠦᠩ ᠲᠠᠢ ᠽᠢ ᠤᠰᠤᠨ ᠴᠦᠬᠦᠷᠦᠮ ᠤᠨ ᠪᠠᠷᠢᠯᠭ᠎ᠠ ᠶᠢᠨ ᠭᠠᠵᠠᠷ ᠤᠨ ᠢᠳᠡᠬᠡᠨ ᠤ ᠠᠮᠤᠷ | ᠲᠦᠪᠰᠢᠨ ᠤ ᠬᠠᠮᠢᠶᠠᠷᠤᠯᠳᠠ ᠶᠢᠨ ᠬᠢᠷᠢ ᠲᠦᠪᠰᠢᠨ ᠢ ᠦᠨᠡᠩᠬᠦ ᠲᠡᠭᠡᠭᠰᠢᠯᠡᠬᠦᠯᠦᠨ᠂ ᠪᠠᠷᠢᠯᠭ᠎ᠠ ᠶᠢᠨ ᠭᠠᠵᠠᠷ ᠤᠨ | ᠠᠵᠢᠯᠳᠠᠳ ᠤᠨ ᠪᠡᠶ᠎ᠠ ᠮᠠᠬᠠᠪᠤᠳ ᠤᠨ ᠡᠷᠡᠬᠦᠯ ᠴᠢᠬᠢᠷᠠᠭ ᠠᠮᠢ ᠨᠠᠰᠤᠨ ᠤ ᠠᠮᠤᠷ ᠲᠦᠪᠰᠢᠨ ᠢ ᠪᠠᠳᠤᠯᠠᠵᠤ᠂ ᠳ᠋ᠦᠩ | ᠲᠠᠢ ᠽᠢ ᠤᠰᠤᠨ ᠴᠦᠬᠦᠷᠦᠮ ᠤᠨ ᠪᠠᠷᠢᠯᠭ᠎ᠠ ᠶᠢ ᠬᠠᠮᠠᠭᠠᠯᠠᠵᠤ ᠲᠤᠰᠠᠯᠠᠬᠤ ᠳᠤ ᠬᠦᠴᠦᠨ ᠢᠶᠠᠨ ᠡᠷᠬᠦᠬᠦ ᠪᠤᠯᠤᠨ᠎ᠠ᠃ |