ᠴᠧᠩ ᠨᠠᠨ ᠵᠡᠬᠡᠯᠢ ᠭᠤᠳᠤᠮᠵᠢ ︽ᠠᠶᠦᠯᠬᠦᠢ ᠦᠢᠯᠡᠳᠪᠦᠷᠢᠯᠡᠯ ᠤᠨ ᠰᠠᠷ᠎ᠠ ︾ ᠶᠢᠨ ᠠᠵᠢᠯᠯᠠᠭᠠᠨ ᠢ ᠪᠠᠶᠢᠷᠢᠯᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-06-28
                  ᠰᠢᠶᠠᠨ ᠤ ᠪᠠᠴᠢᠮ ᠢ ᠠᠷᠭᠠᠴᠠᠬᠤ ᠬᠠᠮᠢᠶᠠᠷᠤᠯᠳᠠ ᠶᠢᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ︽ᠠᠶᠦᠯᠬᠦᠢ ᠦᠢᠯᠡᠳᠪᠦᠷᠢᠯᠡᠯ ᠤᠨ ᠰᠠᠷ᠎ᠠ  ︾ ᠶᠢᠨ ᠠᠵᠢᠯᠯᠠᠭᠠᠨ ᠢ ᠰᠠᠶᠢᠳᠤᠷ ᠬᠢᠵᠤ᠂ ᠬᠠᠷᠢᠶᠠᠨ  ᠳᠠᠬᠢ ᠠᠷᠠᠳ ᠤᠯᠠᠨ ᠤ ᠠᠮᠢ ᠨᠠᠰᠤ ᠡᠳ᠋ ᠬᠦᠷᠦᠩᠬᠡ ᠶᠢᠨ ᠠᠮᠤᠷ ᠲᠦᠪᠰᠢᠨ ᠢ ᠪᠠᠳᠤᠯᠠᠬᠤ ᠶᠢᠨ ᠲᠦᠯᠦᠬᠡ᠂ ᠦᠢᠷ᠎ᠠ ᠳᠤ᠂ ᠴᠧᠩ ᠨᠠᠨ ᠵᠡᠬᠡᠯᠢ ᠭᠤᠳᠤᠮᠵᠢ ︽ᠠᠶᠦᠯᠬᠦᠢ ᠦᠢᠯᠡᠳᠪᠦᠷᠢᠯᠡᠯ ᠤᠨ ᠰᠠᠷ᠎ᠠ  ︾ ᠶᠢᠨ ᠠᠵᠢᠯᠯᠠᠭᠠᠨ ᠢ ᠪᠠᠶᠢᠷᠢᠯᠠᠭᠤᠯᠬᠤ ᠬᠤᠷᠠᠯ ᠬᠤᠷᠠᠯᠳᠤᠭᠤᠯᠪᠠ᠃       ᠬᠤᠷᠠᠯ ᠠᠴᠠ ᠡᠯ᠎ᠡ ᠨᠡᠶᠢᠬᠡᠮ ᠲᠤᠭᠤᠷᠢᠭ᠂ ᠲᠤᠰᠬᠤᠨ ᠢ ᠨᠢᠬᠡ ᠨᠡᠷ᠎ᠠ ᠠᠵᠢᠯᠳᠠᠨ ᠲᠤᠬᠢᠷᠠᠭᠤᠯᠤᠨ ᠪᠠᠴᠢᠮ ᠢ ᠠᠷᠭᠠᠴᠠᠬᠤ ᠬᠠᠮᠢᠶᠠᠷᠤᠯᠳᠠ ᠶᠢᠨ ᠬᠠᠷᠢᠯᠴᠠᠭᠴᠢ ᠪᠤᠯᠭᠠᠵᠤ᠂ ᠲᠤᠰ ᠬᠠᠷᠢᠶᠠᠨ ᠳᠠᠬᠢ ᠠᠶᠤᠯᠬᠦᠢ ᠦᠢᠯᠡᠳᠪᠦᠷᠢᠯᠡᠯ ᠤᠨ ᠠᠵᠢᠯ ᠵᠢᠴᠢ ᠵᠡᠬᠡᠯᠢ ᠭᠤᠳᠤᠮᠵᠢ ᠶᠢᠨ ᠪᠠᠶᠢᠭᠤᠯᠭ᠎ᠠ᠂ ᠪᠤᠰᠤᠳ ᠨᠡᠶᠢᠬᠡᠮ ᠲᠤᠭᠤᠷᠢᠭ᠂ ᠲᠤᠰᠬᠤᠨ ᠲᠠᠢ ᠵᠤᠬᠢᠴᠠᠭᠤᠯᠤᠨ ᠬᠤᠯᠪᠤᠭᠠᠯᠠᠬᠤ ᠶᠢ ᠬᠠᠷᠢᠭᠤᠴᠠᠭᠤᠯᠬᠤ ᠬᠡᠷᠡᠭᠳᠠᠢ᠃ ᠡᠯ᠎ᠡ ᠨᠡᠶᠢᠬᠡᠮ ᠲᠤᠭᠤᠷᠢᠭ ᠨᠢ ︽ᠠᠶᠦᠯᠬᠦᠢ ᠦᠢᠯᠡᠳᠪᠦᠷᠢᠯᠡᠯ ᠤᠨ ᠰᠠᠷ᠎ᠠ  ︾ ᠶᠢᠨ ᠠᠵᠢᠯᠯᠠᠭᠠᠨ ᠤ ᠡᠯᠬᠦᠬᠡ ᠪᠢᠴᠢᠬᠡᠰᠦ ᠡᠯᠬᠦᠵᠤ  ᠂ ᠠᠶᠦᠯᠬᠦᠢ ᠦᠢᠯᠡᠳᠪᠦᠷᠢᠯᠡᠯ  ᠤᠨ ᠮᠡᠳᠡᠯᠬᠡ ᠶᠢᠨ ᠬᠢᠴᠢᠶᠠᠯ ᠲᠠᠶᠢᠯᠤᠮᠵᠢ᠂ ᠠᠶᠦᠯᠬᠦᠢ ᠦᠢᠯᠡᠳᠪᠦᠷᠢᠯᠡᠯ ᠤᠨ ᠰᠤᠷᠢᠯᠳᠠ ᠪᠤᠯᠪᠠᠰᠤᠷᠠᠯ ᠵᠡᠷᠬᠡ ᠠᠷᠭ᠎ᠠ ᠬᠡᠯᠪᠡᠷᠢ ᠪᠠᠷ ᠲᠠᠮᠵᠢᠵᠤ᠂ ᠬᠠᠷᠢᠶᠠᠨ ᠳᠠᠬᠢ ᠤᠯᠠᠨ ᠲᠦᠮᠡᠨ ᠳᠤ ᠠᠶᠦᠯᠬᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠮᠡᠳᠡᠯᠬᠡ ᠶᠢ ᠤᠬᠠᠭᠤᠯᠬᠤ ᠬᠡᠷᠡᠭᠳᠠᠢ᠃ ᠡᠬᠦᠨ ᠤ ᠬᠠᠮᠳᠤ ᠳᠤᠨᠢ ᠵᠡᠬᠡᠯᠢ ᠭᠤᠳᠤᠮᠵᠢ ᠶᠢᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠠᠮᠤᠷ ᠲᠦᠪᠰᠢᠨ ᠤ ᠬᠢᠨᠠᠨ ᠬᠠᠮᠢᠶᠠᠷᠤᠯᠳᠠ ᠶᠢᠨ ᠦᠷᠳᠡᠭᠡ ᠶᠢᠨ ᠲᠠᠷᠤᠭ᠎ᠠ ᠠᠴᠠ ᠦᠢᠷ᠎ᠠ  ᠶᠢᠨ ᠬᠤᠭᠤᠴᠠᠭᠠᠨ ᠳᠤ ᠬᠠᠷᠢᠶᠠᠨ ᠳᠠᠬᠢ ᠵᠤᠴᠢᠳ ᠤᠨ ᠪᠠᠭᠤᠳᠠᠯ᠂ ᠰᠦᠯᠵᠢᠶᠠᠨ ᠪᠠᠭᠠᠷ᠂ ᠬᠤᠳᠠᠯᠳᠤᠭᠠᠨ ᠤ ᠲᠠᠯᠠᠪᠤᠷ ᠵᠡᠷᠬᠡ ᠭᠤᠤᠯᠳᠠᠯᠭ᠎ᠠ ᠲᠠᠢ ᠭᠠᠵᠠᠷ ᠲᠤ ᠠᠶᠦᠯᠬᠦᠢ ᠦᠢᠯᠡᠳᠪᠦᠷᠢᠯᠡᠯ ᠤᠨ ᠬᠡᠮ ᠰᠤᠭᠤᠭ ᠤᠨ ᠪᠠᠶᠢᠴᠠᠭᠠᠯᠳᠠ ᠬᠢᠵᠤ᠂ ᠤᠯᠠᠨ ᠵᠦᠢᠯ ᠤᠨ ᠠᠷᠭ᠎ᠠ ᠪᠠᠷᠢᠯ ᠢ ᠬᠠᠮᠳᠤ ᠳᠤᠨᠢ ᠬᠡᠷᠡᠭᠯᠡᠵᠤ᠂ ᠲᠦᠪ ᠴᠢᠩᠭ᠎ᠠ ᠨᠠᠶᠢᠳᠠᠪᠤᠷᠢᠵᠢᠭᠤᠯᠤᠨ᠂ ᠬᠠᠷᠢᠶᠠᠨ ᠳᠠᠬᠢ ᠭᠠᠵᠠᠷ ᠤᠷᠤᠨ ᠤ ᠠᠮᠤᠷ ᠲᠦᠪᠰᠢᠨ ᠢ ᠪᠠᠳᠤᠯᠠᠬᠤ ᠬᠡᠷᠡᠭᠳᠠᠢ ᠬᠡᠵᠤ ᠱᠠᠭᠠᠷᠳᠠᠵᠠᠢ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号