ᠯᠢᠨᠰᠢ ᠰᠢᠶᠠᠨ ᠤ ᠵᠠᠮ ᠲᠡᠬᠡᠬᠡᠪᠦᠷᠢ ᠶᠢᠨ ᠬᠠᠮᠢᠶᠠᠷᠤᠯᠳᠠ ᠶᠢᠨ ᠰᠠᠯᠪᠤᠷᠢ ᠵᠢᠯᠤᠭᠤᠴᠢ ᠶᠢᠨ ᠪᠤᠯᠪᠠᠰᠤᠷᠠᠯ ᠤᠨ ᠬᠢᠨᠠᠨ ᠬᠠᠮᠢᠶᠠᠷᠬᠤ ᠦᠢᠯᠡᠴᠢᠯᠡᠭᠡ ᠶᠢᠨ ᠲᠠᠪᠴᠠᠩ ᠢᠶᠠᠨ ᠦᠬᠡᠷᠡᠴᠢᠯᠡᠪᠡ
ᠨᠡᠶᠢᠲᠡᠯᠡᠭᠰᠡᠨ ᠴᠠᠭ᠄
2019-07-10
                    ᠦᠢᠷ᠎ᠠ ᠳᠤ᠂ ᠯᠢᠨᠰᠢ ᠰᠢᠶᠠᠨ ᠤ ᠵᠠᠮ ᠲᠡᠬᠡᠬᠡᠪᠦᠷᠢ ᠶᠢᠨ ᠬᠠᠮᠢᠶᠠᠷᠤᠯᠳᠠ ᠶᠢᠨ ᠰᠠᠯᠪᠤᠷᠢ ᠨᠢ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠤᠰᠤᠭᠠᠷ᠂ ᠬᠠᠮᠢᠶ᠎ᠠ ᠪᠦᠬᠦᠢ ᠮᠡᠷᠬᠡᠵᠢᠯᠳᠠᠨ ᠤ ᠬᠠᠪᠰᠤᠷᠤᠯᠭ᠎ᠠ ᠲᠤᠤᠷ᠎ᠠ᠂ ᠤᠤᠯ ᠤᠨ ᠵᠢᠯᠤᠭᠤᠴᠢ ᠶᠢᠨ ᠪᠤᠯᠪᠠᠰᠤᠷᠠᠯ ᠤᠨ ᠴᠠᠭ ᠬᠡᠮᠵᠢᠨ ᠬᠢᠨᠠᠨ ᠬᠠᠷᠭᠤᠭᠤᠯᠬᠤ ᠲᠠᠪᠴᠠᠩ ᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠢᠯᠤᠭᠤᠴᠢ ᠶᠢᠨ ᠪᠤᠯᠪᠠᠰᠤᠷᠠᠯ ᠤᠨ ᠬᠢᠨᠠᠨ ᠬᠠᠮᠢᠶᠠᠷᠬᠤ ᠦᠢᠯᠡᠴᠢᠯᠡᠭᠡ ᠶᠢᠨ ᠲᠠᠪᠴᠠᠩ ᠢᠶᠠᠷ ᠦᠬᠡᠷᠡᠴᠢᠯᠡᠨ ᠰᠤᠯᠢᠪᠠ᠂ ᠲᠤᠭ᠎ᠠ ᠪᠠᠷᠢᠮᠳᠠ ᠶᠢᠨ ᠰᠤᠷᠠᠭ ᠵᠠᠩᠬᠢ ᠶᠢ ᠪᠦᠬᠦᠨ ᠢ ᠰᠢᠨ᠎ᠠ ᠲᠠᠪᠴᠠᠩ ᠳᠤ ᠭᠠᠷᠭᠠᠨ᠂ ᠵᠠᠮ ᠲᠡᠬᠡᠬᠡᠪᠦᠷᠢ ᠶᠢᠨ ᠬᠠᠮᠢᠶᠠᠷᠤᠯᠳᠠ ᠶᠢᠨ ᠰᠠᠯᠪᠤᠷᠢ ᠨᠢ ᠲᠤᠰ ᠲᠠᠪᠴᠠᠩ ᠢ ᠬᠡᠷᠡᠭᠯᠡᠨ ᠬᠢᠨᠠᠨ ᠬᠠᠷᠭᠤᠭᠤᠯᠬᠤ ᠠᠵᠢᠯ ᠢ ᠶᠠᠪᠤᠭᠳᠠᠭᠤᠯᠬᠤ ᠪᠤᠯᠤᠨ᠎ᠠ᠃       ᠵᠠᠮ ᠲᠡᠬᠡᠬᠡᠪᠦᠷᠢ ᠶᠢᠨ ᠬᠠᠮᠢᠶᠠᠷᠤᠯᠳᠠ ᠶᠢᠨ ᠰᠠᠯᠪᠤᠷᠢ ᠨᠢ ᠠᠯᠢᠪᠠ ᠬᠠᠷᠢᠶ᠎ᠠ ᠵᠢᠯᠤᠭᠤᠴᠢ ᠶᠢᠨ ᠪᠤᠯᠪᠠᠰᠤᠷᠠᠯ  ᠤᠨ ᠪᠠᠶᠢᠭᠤᠯᠤᠮᠵᠢ ᠳᠤ ᠮᠡᠳᠡᠭᠳᠡᠨ᠂ ᠰᠤᠷᠤᠭᠴᠢᠳ ᠤᠨ ᠮᠡᠳᠡᠭᠡ ᠵᠠᠩᠬᠢ ᠶᠢ ᠤᠷᠤᠭᠤᠯᠬᠤ ᠦᠶᠡᠰ ᠲᠤᠬᠠᠢ ᠶᠢᠨ ᠲᠠᠯᠠᠪᠤᠷ ᠲᠤ ᠰᠤᠷᠤᠭᠴᠢᠳ ᠤᠨ ᠲᠤᠰ ᠬᠦᠮᠦᠨ ᠤ ᠰᠡᠬᠦᠳᠡᠷ ᠢ ᠬᠡᠷᠡᠭᠰᠡᠨ᠂ ᠰᠤᠷᠤᠭᠴᠢᠳ ᠤᠨ ᠰᠡᠬᠦᠳᠡᠷ ᠤᠨ ᠲᠤᠳᠤ᠂ ᠦᠨᠡᠨ ᠪᠤᠳᠠᠳᠠᠢ᠂ ᠦᠷ᠎ᠠ ᠪᠦᠳᠦᠮᠵᠢᠳᠠᠢ ᠪᠠᠶᠢᠬᠤ ᠶᠢ ᠪᠠᠳᠤᠯᠠᠵᠤ᠂ ᠰᠤᠷᠤᠭᠴᠢᠳ ᠠᠴᠠ ᠰᠤᠷᠤᠯᠴᠠᠬᠤ ᠶᠠᠪᠤᠴᠠ ᠲᠤᠮᠳᠠ᠂ ᠮᠤᠵᠢ ᠶᠢᠨ ᠲᠡᠰ ᠤᠨ ᠲᠠᠪᠴᠠᠩ ᠠᠴᠠ ᠬᠦᠮᠦᠨ ᠤ ᠨᠢᠭᠤᠷ ‍ᠤᠨ‌ᠦᠪᠡᠰᠦᠪᠡᠨ ᠰᠢᠯᠭᠠᠨ ᠪᠠᠶᠢᠴᠠᠭᠠᠯᠳᠠ ᠬᠢᠵᠤ᠂ ᠪᠤᠯᠪᠠᠰᠤᠷᠠᠯ ᠳᠤ ᠤᠷᠤᠯᠴᠠᠬᠤ ᠦᠶᠡᠰ᠂ ᠤᠳᠠᠭ᠎ᠠ ᠪᠦᠷᠢ ᠶᠢᠨ ᠰᠤᠷᠤᠯᠴᠠᠬᠤ ᠴᠠᠭ ᠤᠨ ᠤᠷᠳᠤ ᠨᠢ 15 ᠮᠢᠨᠦ᠋ᠲ ᠠᠴᠠ ᠪᠠᠭ᠎ᠠ ᠪᠠᠶᠢᠵᠤ᠂ ᠡᠰᠠ ᠲᠡᠬᠡᠪᠡᠯ ᠬᠦᠴᠦᠨ ᠦᠬᠡᠢ ᠪᠠᠷ ᠪᠤᠳᠤᠵᠤ᠂ ᠰᠦᠯᠵᠢᠶᠠᠨ  ᠳᠤ ᠭᠠᠷᠭᠠᠬᠤ ᠦᠬᠡᠢ ᠪᠤᠯᠤᠨ᠎ᠠ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号