ᠯᠢᠨᠰᠢ ᠰᠢᠶᠠᠨ ᠤ ᠤᠰᠤᠨ ᠠᠰᠢᠭᠯᠠᠯᠳᠠ ᠶᠢᠨ ᠲᠤᠪᠴᠢᠶ᠎ᠠ ︽ᠠᠶᠦᠯᠬᠦᠢ ᠦᠢᠯᠡᠳᠪᠦᠷᠢᠯᠡᠯ ᠤᠨ ᠲᠦᠮᠡᠨ ᠭᠠᠵᠠᠷ ᠤᠨ ᠠᠶᠠᠯᠠᠯ︾ ᠤᠨ ᠠᠵᠢᠯᠯᠠᠭᠠᠨ ᠢ ᠢᠳᠡᠪᠬᠢᠳᠠᠢ ᠦᠷᠨᠢᠬᠦᠯᠪᠡ
ᠨᠡᠶᠢᠲᠡᠯᠡᠭᠰᠡᠨ ᠴᠠᠭ᠄
2019-07-10
                              ᠦᠢᠷ᠎ᠠ ᠳᠤ᠂ ᠯᠢᠨᠰᠢ ᠰᠢᠶᠠᠨ ᠤ ᠤᠰᠤᠨ ᠠᠰᠢᠭᠯᠠᠯᠳᠠ ᠶᠢᠨ ᠲᠤᠪᠴᠢᠶ᠎ᠠ ᠬᠦᠨᠳᠦ ᠶᠡᠭᠡ ᠲᠦᠭᠰᠢᠬᠦᠷᠢ ᠶᠢ ᠰᠡᠷᠬᠡᠶᠢᠯᠡᠨ ᠬᠤᠷᠢᠭᠯᠠᠬᠤ ᠶᠢᠨ ᠲᠤᠭᠤᠷᠢᠨ ᠳᠤ᠂ ᠴᠠᠭ ᠲᠠᠷᠤᠢ ᠳᠤᠨᠢ ᠠᠮᠤᠷ ᠲᠦᠪᠰᠢᠨ ᠤ ᠬᠡᠮ ᠰᠤᠭᠤᠭ ᠢ ᠠᠷᠢᠯᠭᠠᠨ᠂ ᠠᠮᠤᠷ ᠲᠦᠪᠰᠢᠨ ᠤ ᠠᠳᠡᠯ ᠬᠡᠷᠡᠭ ᠢ ᠪᠦᠳᠦᠮᠵᠢᠳᠠᠢ ᠬᠤᠷᠢᠭᠯᠠᠬᠤ ᠪᠤᠯᠤᠨ ᠭᠤᠤᠯᠳᠠᠯᠭ᠎ᠠ ᠲᠠᠢ ᠠᠵᠢᠯ ᠲᠦᠷᠦᠯ ᠤᠨ ᠴᠠᠷ᠎ᠠ ᠬᠦᠷᠢᠶᠠᠨ ᠳᠠᠬᠢ ᠠᠰᠠᠭᠤᠳᠠᠯ ᠢ ᠬᠠᠯᠠᠨ ᠰᠠᠶᠢᠵᠢᠷᠠᠭᠤᠯᠬᠤ ᠶᠢ ᠲᠤᠪᠤᠶᠢᠯᠭᠠᠬᠤ ᠪᠠᠷ ᠠᠭᠤᠯᠭ᠎ᠠ ᠪᠤᠯᠭᠠᠨ᠂ ︽ᠠᠶᠦᠯᠬᠦᠢ ᠦᠢᠯᠡᠳᠪᠦᠷᠢᠯᠡᠯ ᠤᠨ ᠲᠦᠮᠡᠨ ᠭᠠᠵᠠᠷ ᠤᠨ ᠠᠶᠠᠯᠠᠯ︾ ᠤᠨ ᠠᠵᠢᠯᠯᠠᠭᠠᠨ ᠢ ᠢᠳᠡᠪᠬᠢᠳᠠᠢ ᠦᠷᠨᠢᠬᠦᠯᠪᠡ᠃ ᠤᠰᠤᠨ ᠠᠰᠢᠭᠯᠠᠯᠳᠠ ᠶᠢᠨ ᠲᠤᠪᠴᠢᠶ᠎ᠠ ᠶᠢᠨ ᠠᠵᠢᠯᠳᠠᠨ ᠺᠠᠳ᠋ᠷ ᠠᠴᠠ ᠲᠤᠰ ᠲᠤᠰ ᠳᠠᠭᠠᠨ ᠯᠢᠨᠰᠢ ᠰᠢᠶᠠᠨ ᠤ ᠴᠠᠭᠠᠨ ᠮᠦᠷᠡᠨ ᠭᠤᠤᠯ ᠤᠨ ᠦᠶᠡᠷ ᠢ ᠰᠡᠷᠬᠡᠶᠢᠯᠡᠬᠦ ᠬᠠᠰᠢᠯᠭ᠎ᠠ ᠶᠢᠨ ᠢᠨᠵᠧᠨᠧᠷᠢᠩ᠂ ᠯᠢᠨᠰᠢ ᠰᠢᠶᠠᠨ ᠤ ᠲᠠᠷᠢᠶᠠᠯᠠᠩ ᠤᠨ ᠶᠡᠷᠦᠩᠬᠡᠶᠢᠯᠡᠭᠰᠡᠨ ᠨᠡᠬᠡᠬᠡᠨ ᠠᠰᠢᠭᠯᠠᠬᠤ ᠴᠠᠭᠠᠨ ᠮᠦᠷᠡᠨ ᠤ ᠲᠤᠮᠳᠠ ᠬᠡᠯᠪᠡᠷᠢ ᠶᠢᠨ ᠰᠤᠪᠠᠭ ᠤᠨ ᠭᠤᠷᠪᠠᠳᠤᠭᠠᠷ ᠬᠤᠭᠤᠴᠠᠭ᠎ᠠ ᠪᠤᠯᠤᠨ ᠲᠦᠷᠪᠡᠳᠦᠬᠡᠷ ᠬᠤᠭᠤᠴᠠᠭ᠎ᠠ ᠶᠢᠨ ᠤᠰᠤ ᠠᠷᠪᠢᠯᠠᠬᠤ ᠢᠵᠢ ᠪᠦᠷᠢᠳᠦᠭᠰᠡᠨ ᠦᠬᠡᠷᠡᠴᠢᠯᠠᠨ ᠪᠠᠶᠢᠭᠤᠯᠬᠤ ᠢᠨᠵᠧᠨᠧᠷᠢᠩ ᠢ ᠬᠢᠨᠠᠨ ᠪᠠᠶᠢᠴᠠᠭᠠᠪᠠ᠃
      ︽ᠠᠶᠦᠯᠬᠦᠢ ᠦᠢᠯᠡᠳᠪᠦᠷᠢᠯᠡᠯ ᠤᠨ ᠲᠦᠮᠡᠨ ᠭᠠᠵᠠᠷ ᠤᠨ ᠠᠶᠠᠯᠠᠯ︾ ᠠᠵᠢᠯᠯᠠᠭᠠᠨ ᠢᠶᠠᠷ ᠲᠠᠮᠵᠢᠵᠤ᠂ ᠪᠦᠬᠦ ᠲᠤᠪᠴᠢᠶᠠᠨ ᠤ ᠠᠵᠢᠯᠳᠠᠨ᠂ ᠤᠰᠤᠨ ᠠᠰᠢᠭᠯᠠᠯᠳᠠ ᠶᠢᠨ ᠢᠨᠵᠧᠨᠧᠷᠢᠩ ᠤᠨ ᠪᠠᠷᠢᠯᠭ᠎ᠠ ᠶᠢᠨ ᠨᠢᠬᠡᠴᠡ ᠶᠢᠨ ᠠᠮᠤᠷ ᠲᠦᠪᠰᠢᠨ ᠤ ᠤᠬᠠᠮᠰᠠᠷ   ᠢ ᠲᠡᠬᠡᠭᠰᠢᠯᠡᠬᠦᠯᠵᠤ᠂ ᠠᠶᠦᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠨ᠂ ᠤᠰᠤᠨ ᠠᠰᠢᠭᠯᠠᠯᠳᠠ ᠶᠢᠨ ᠠᠶᠦᠯᠬᠦᠢ ᠦᠢᠯᠡᠳᠪᠦᠷᠢᠯᠡᠯ ᠤᠨ ᠠᠮᠤᠷ ᠲᠦᠪᠰᠢᠨ ᠤᠨ ᠠᠵᠢᠯᠯᠠᠭ᠎ᠠ ᠶᠢ ᠪᠠᠳᠤᠯᠠᠵᠤ᠂ ᠠᠶᠦᠯᠬᠦᠢ ᠦᠢᠯᠡᠳᠪᠦᠷᠢᠯᠡᠯ ᠤᠨ ᠠᠳᠡᠯ ᠬᠡᠷᠡᠭ ᠢ ᠬᠤᠷᠢᠭᠯᠠᠨ ᠪᠠᠭᠠᠰᠬᠠᠵᠤ᠂ ᠠᠷᠠᠳ ᠤᠯᠠᠨ ᠤ ᠠᠮᠢ ᠨᠠᠰᠤ ᠪᠤᠯᠤᠨ ᠡᠳ᠋ ᠬᠦᠷᠦᠩᠬᠡ ᠶᠢᠨ ᠠᠮᠤᠷ ᠲᠦᠪᠰᠢᠨ ᠢ ᠬᠠᠮᠠᠭᠠᠯᠠᠬᠤ ᠤᠬᠠᠮᠰᠠᠷ ᠤᠨ ᠬᠤᠷᠢᠭ᠎ᠠ ᠱᠤᠭᠤᠮ ᠢ ᠪᠠᠬᠢᠵᠡᠬᠦᠯᠬᠦ ᠦᠢᠯᠡᠳᠦᠯ ᠦᠵᠡᠬᠦᠯᠵᠠᠢ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号