ᠯᠢᠨᠰᠢ ᠰᠢᠶᠠᠨ ᠤ ᠲᠤᠳᠤᠭᠠᠳᠤ ᠶᠢ ᠬᠠᠮᠠᠭᠠᠯᠠᠬᠤ ᠰᠢᠰᠲ᠋ᠧᠮ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠬᠠᠮᠢᠶ᠎ᠠ ᠪᠦᠬᠦᠢ ᠮᠡᠳᠡᠯᠬᠡ ᠶᠢᠨ ᠰᠢᠯᠭᠠᠯᠳᠠ ᠬᠢᠪᠠ
ᠨᠡᠶᠢᠲᠡᠯᠡᠭᠰᠡᠨ ᠴᠠᠭ᠄
2019-07-10
                    ᠲᠡᠬᠡᠳᠦ ᠱᠠᠳᠤᠨ ᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠬᠤᠷᠠᠯ  ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠷ᠎ᠠ ᠪᠦᠯᠦᠭᠳᠡᠨ ᠬᠠᠷᠬᠢᠰ ᠬᠦᠴᠦᠨ ᠤ ᠲᠤᠰᠬᠠᠢ ᠲᠡᠮᠡᠴᠡᠯ ᠢ ᠯᠠᠪᠳᠠᠭᠤᠨ ᠬᠦᠨᠵᠡᠬᠡᠢ ᠠᠬᠢᠭᠤᠯᠤᠨ᠂ ᠠᠷᠠᠳ ᠤᠨ ᠴᠠᠭᠳᠠᠭ᠎ᠠ᠂ ᠲᠤᠰᠠᠯᠠᠭᠴᠢ ᠴᠠᠭᠳᠠᠭ᠎ᠠ ᠶᠢᠨ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠴᠢᠬᠤᠯᠠ ᠤᠳᠬ᠎ᠠ ᠠᠭᠤᠯᠭ᠎ᠠ ᠲᠠᠨᠢᠯᠳᠠ ᠵᠢᠴᠢ ᠪᠦᠬᠦ ᠴᠠᠭᠳᠠᠭ᠎ᠠ ᠶᠢᠨ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠬᠠᠮᠢᠶ᠎ᠠ ᠪᠦᠬᠦᠢ ᠮᠡᠳᠡᠯᠬᠡ ᠶᠢᠨ ᠰᠤᠷᠤᠯᠴᠠᠯᠭ᠎ᠠ ᠶᠢᠨ ᠦᠷ᠎ᠠ ᠪᠦᠳᠦᠮᠵᠢ ᠶᠢ ᠲᠡᠭᠡᠭᠰᠢᠯᠡᠬᠦᠯᠬᠦ ᠪᠠᠷ᠂ ᠦᠢᠷ᠎ᠠ ᠳᠤ᠂ ᠯᠢᠨᠰᠢ ᠰᠢᠶᠠᠨ ᠤ ᠲᠤᠳᠤᠭᠠᠳᠤ ᠶᠢ ᠬᠠᠮᠭᠠᠯᠠᠬᠤ ᠰᠢᠰᠲ᠋ᠧᠮ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠬᠠᠮᠢᠶ᠎ᠠ ᠪᠦᠬᠦᠢ ᠮᠡᠳᠡᠯᠬᠡ ᠶᠢᠨ ᠰᠢᠯᠭᠠᠯᠳᠠ ᠬᠢᠪᠠ᠃
     ᠰᠢᠯᠭᠠᠯᠳᠠ ᠨᠢ ᠲᠤᠬᠠᠢ ᠶᠢᠨ ᠲᠠᠯᠠᠪᠤᠷ ᠤᠨ ᠪᠢᠳᠡᠬᠦᠮᠵᠢᠯᠡᠭᠰᠡᠨ ᠰᠢᠯᠭᠠᠯᠳᠠ ᠶᠢᠨ ᠬᠡᠯᠪᠡᠷᠢ ᠪᠠᠷ ᠶᠠᠪᠤᠭᠳᠠᠵᠤ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠬᠠᠷᠠᠯᠳᠠ᠂ ᠤᠳᠬ᠎ᠠ ᠠᠭᠤᠯᠭ᠎ᠠ᠂ ᠴᠤᠬᠢᠯᠳᠠ ᠦᠭᠬᠦ ᠭᠤᠤᠯᠳᠠᠯᠭ᠎ᠠ ᠵᠢᠴᠢ ᠬᠠᠮᠢᠶ᠎ᠠ ᠪᠦᠬᠦᠢ ᠬᠤᠷᠠᠯ ᠤᠨ ᠵᠤᠷᠢᠭ ᠰᠠᠨᠠᠭ᠎ᠠ ᠪᠠᠷ ᠰᠢᠯᠭᠠᠬᠤ ᠠᠭᠤᠯᠭ᠎ᠠ ᠪᠤᠯᠭᠠᠨ᠂ ᠴᠠᠭᠳᠠᠭ᠎ᠠ ᠨᠠᠷ ᠤᠨ ᠬᠠᠷ᠎ᠠ ᠪᠦᠯᠦᠭᠳᠡᠨ ᠬᠠᠷᠬᠢᠰ ᠬᠦᠴᠦᠨ ᠤᠨ ᠬᠠᠮᠢᠶ᠎ᠠ ᠪᠦᠬᠦᠢ ᠮᠡᠳᠡᠯᠬᠡ ᠶᠢᠨ ᠠᠭᠤᠯᠭ᠎ᠠ  ᠶᠢᠨ ᠦᠢᠯᠠᠭᠠᠯᠳᠠ ᠪᠤᠯᠤᠨ ᠡᠵᠡᠮᠰᠢᠭᠰᠡᠨ ᠪᠠᠶᠢᠳᠠᠯ ᠢ ᠰᠢᠯᠭᠠᠨ ᠪᠠᠶᠢᠴᠠᠭᠠᠭᠰᠠᠨ ᠪᠠᠶᠢᠨ᠎ᠠ᠃ ᠰᠢᠯᠭᠠᠯᠳᠠ ᠠᠴᠠ ᠡᠮᠦᠨ᠎ᠠ᠂ ᠤᠯᠤᠰ ᠲᠦᠷᠦ ᠶᠢᠨ ᠭᠠᠵᠠᠷ ᠤᠨ ᠲᠠᠷᠤᠭ᠎ᠠ ᠲᠤ ᠹᠧᠩ ᠯᠢᠨ ᠠᠴᠠ ᠲᠠᠶᠢᠴᠢᠯᠠᠨ ᠪᠠᠶᠢᠷᠢᠯᠠᠭᠤᠯᠤᠯᠳᠠ ᠬᠢᠵᠤ᠂ ᠰᠢᠯᠭᠠᠯᠳᠠ ᠶᠢᠨ ᠰᠠᠬᠢᠯᠭ᠎ᠠ ᠲᠦᠷᠢᠮ ᠢ ᠴᠢᠬᠤᠯᠠᠴᠢᠯᠠᠪᠠ︔ ᠰᠢᠯᠭᠠᠯᠳᠠ ᠶᠢᠨ ᠲᠤᠮᠳᠠ᠂ ᠪᠦᠬᠦ ᠨᠠᠮ ᠤᠨ ᠬᠤᠷᠢᠶ᠎ᠠ ᠶᠢᠨ ᠬᠡᠰᠢᠬᠦᠨ ᠠᠴᠠ ᠰᠢᠯᠭᠠᠯᠳᠠ ᠶᠢᠨ ᠪᠦᠬᠦ ᠶᠠᠪᠤᠴᠠ ᠳᠤ ᠬᠢᠨᠠᠨ ᠪᠠᠶᠢᠴᠠᠭᠠᠯᠳᠠ ᠬᠢᠵᠤ᠂ ᠤᠯᠠᠨ ᠢᠶᠠᠷ  ᠢᠶᠠᠨ ᠰᠢᠯᠭᠠᠯᠳᠠ ᠶᠢᠨ ᠰᠠᠬᠢᠯᠭ᠎ᠠ ᠲᠦᠷᠢᠮ ᠢ ᠴᠢᠩᠭ᠎ᠠ ᠵᠢᠷᠤᠮᠯᠠᠨ᠂ ᠨᠠᠷᠢᠨ ᠬᠢᠨᠠᠮᠠᠭᠠᠢ ᠪᠠᠷ ᠰᠡᠳᠦᠪ ᠬᠠᠷᠢᠭᠤᠯᠵᠤ᠂ ᠰᠢᠯᠭᠠᠯᠳᠠ ᠶᠢᠨ ᠲᠠᠯᠠᠪᠠᠢ ᠶᠢᠨ ᠡᠮᠬᠢ ᠴᠡᠭᠴᠠ ᠲᠠᠢ ᠶᠠᠪᠤᠭᠳᠠᠬᠤ ᠶᠢ ᠪᠠᠳᠤᠯᠠᠵᠠᠢ᠃ ᠰᠢᠯᠭᠠᠯᠳᠠ ᠶᠢᠨ ᠬᠢᠷᠢ ᠪᠦᠳᠦᠮᠵᠢ ᠶᠢ ᠰᠦᠯᠵᠢᠶᠠᠨ ᠳᠤ ᠨᠡᠶᠢᠳᠡᠯᠡᠵᠤ᠂ ᠴᠠᠭᠳᠠᠭ᠎ᠠ ᠨᠠᠷ ᠤᠨ ᠬᠤᠪᠢ ᠬᠦᠮᠦᠨ ᠤ ᠵᠢᠯ ᠤᠨ ᠰᠢᠯᠭᠠᠨ ᠦᠨᠡᠯᠡᠯᠳᠠ ᠳᠤ ᠤᠷᠤᠭᠤᠯᠬᠤ ᠪᠤᠯᠤᠨ᠎ᠠ᠃      ᠰᠢᠯᠭᠠᠯᠳᠠ ᠪᠠᠷ ᠲᠠᠮᠵᠢᠨ᠂ ᠬᠠᠷ᠎ᠠ ᠪᠦᠯᠦᠭᠳᠡᠨ ᠬᠠᠷᠬᠢᠰ ᠬᠦᠴᠦᠨ ᠤ ᠲᠤᠰᠬᠠᠢ ᠲᠡᠮᠡᠴᠡᠯ ᠤᠨ ᠬᠦᠨ ᠵᠤᠵᠠᠭᠠᠨ ᠠᠭᠤᠷ ᠠᠮᠢᠰᠬᠤᠯ ᠢ ᠤᠯᠠᠮ ᠨᠢᠬᠡ ᠠᠯᠬᠤᠮ ᠪᠤᠢ ᠪᠤᠯᠭᠠᠨ᠂ ᠤᠳᠤᠬᠠᠨ ᠤ ᠰᠢᠶᠠᠨ ᠤ ᠲᠤᠪᠴᠢᠶᠠᠨ ᠤ ᠡᠯ᠎ᠡ ᠨᠢᠬᠡᠴᠡ ᠶᠢᠨ ᠬᠠᠷ᠎ᠠ ᠪᠦᠯᠦᠭᠳᠡᠨ ᠬᠠᠷᠬᠢᠰ ᠬᠦᠴᠦᠨ ᠤ ᠲᠡᠮᠡᠴᠡᠯ ᠵᠢᠴᠢ ᠬᠠᠮᠢᠶ᠎ᠠ ᠪᠦᠬᠦᠢ ᠬᠠᠤᠯᠢ ᠴᠠᠭᠠᠵᠠ ᠶᠢᠨ ᠮᠡᠳᠡᠯᠬᠡ ᠶᠢ ᠡᠵᠡᠮᠰᠢᠭᠰᠡᠨ ᠪᠠᠶᠢᠳᠠᠯ ᠢ ᠪᠤᠰᠤᠳᠴᠢ ᠪᠠᠷ ᠲᠤᠰᠬᠠᠵᠤ᠂ ᠴᠠᠭᠳᠠᠭ᠎ᠠ ᠨᠠᠷ ᠤᠨ ᠦᠪᠡᠷ ᠤᠨ ᠪᠡᠶ᠎ᠠ ᠳᠤᠨᠢ ᠤᠷᠤᠰᠢᠵᠤ ᠪᠠᠶᠢᠭ᠎ᠠ ᠬᠦᠷᠦᠯᠴᠡᠬᠦ ᠦᠬᠡᠢ ᠲᠠᠯ᠎ᠠ ᠪᠤᠶᠤ ᠲᠤᠳᠠᠭᠳᠠᠯ ᠢ ᠡᠷᠢᠨ ᠭᠠᠷᠭᠠᠵᠤ᠂ ᠲᠡᠳᠡᠨᠠᠷ ᠤᠨ ᠰᠤᠷᠤᠯᠴᠠᠬᠤ ᠤᠷᠮ᠎ᠠ ᠵᠤᠷᠢᠭ ᠢ ᠲᠠᠶᠢᠴᠢᠯᠠᠵᠤ ᠴᠢᠳᠠᠵᠠᠢ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号