ᠯᠢᠨᠰᠢ ᠰᠢᠶᠠᠨ ᠤ ᠵᠠᠰᠠᠭ ᠪᠠᠩᠭᠢ ᠰᠡᠳᠬᠢᠯ ᠨᠢᠬᠡᠳᠦᠨ ᠲᠤᠮᠳᠠ ᠪᠠᠭ᠎ᠠ ᠪᠢᠴᠢᠯ ᠠᠵᠤ ᠠᠬᠤᠶᠢᠯᠠᠯ ᠤᠨ ᠬᠦᠭᠵᠢᠯᠳᠠ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2019-07-16
         ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠲᠡᠮᠵᠢᠨ᠂ ᠲᠤᠮᠳᠠ ᠪᠠᠭ᠎ᠠ ᠪᠢᠴᠢᠯ ᠠᠵᠤ ᠠᠬᠤᠶᠢᠯᠠᠯ ᠎ ᠤᠨ ᠬᠦᠷᠦᠩᠬᠡ ᠴᠤᠭᠯᠠᠭᠤᠯᠬᠤ ᠠᠷᠭ᠎ᠠ ᠵᠠᠮ ᠢ ᠦᠷᠬᠡᠳᠬᠡᠵᠤ᠂ ︽ᠬᠠᠪᠰᠤᠷᠤᠨ ᠪᠠᠳᠤᠯᠠᠬᠤ ᠵᠢᠬᠡᠯᠡᠯᠬᠡ︾᠎ ᠶᠢᠨ ᠲᠤᠬᠠᠶᠢᠯᠠᠭᠰᠠᠨ ᠠᠵᠢᠯ ᠢ ᠰᠠᠶᠢᠳᠤᠷ ᠦᠷᠨᠢᠬᠦᠯᠦᠨ᠂ ᠠᠵᠤ ᠠᠬᠤᠶᠢᠯᠠᠯ ᠤᠨ ᠪᠡᠯᠡ ᠴᠤᠭᠯᠠᠭᠤᠯᠬᠤ ᠳᠤ ᠬᠦᠴᠢᠷ ᠲᠦᠪᠡᠭ ᠲᠠᠢ ᠠᠰᠠᠭᠤᠳᠠᠯ ᠢ ᠨᠡᠩ ᠰᠠᠶᠢᠳᠤᠷ ᠰᠡᠢᠳᠪᠦᠷᠢᠯᠡᠬᠦ ᠶᠢᠨ ᠲᠦᠯᠦᠬᠡ᠂ ᠦᠢᠷ᠎ᠠ ᠳᠤ᠂ ᠯᠢᠨᠰᠢ ᠰᠢᠶᠠᠨ ᠤ ᠵᠠᠰᠠᠭ ᠤᠨ ᠤᠷᠳᠤᠨ ᠨᠢ ᠪᠦᠳᠦᠬᠡᠨ ᠪᠠᠶᠢᠭᠤᠯᠤᠯᠳᠠ ᠶᠢᠨ ᠪᠠᠩᠬᠢ ᠶᠢᠨ ᠯᠢᠨᠰᠢ ᠳᠠᠬᠢ ᠰᠠᠯᠪᠤᠷᠢ ᠪᠠᠩᠬᠢ ᠶᠢ ᠵᠤᠬᠢᠶᠠᠨ ᠪᠠᠶᠢᠭᠤᠯᠵᠤ ᠲᠤᠮᠳᠠ ᠪᠠᠭ᠎ᠠ ᠪᠢᠴᠢᠯ ᠠᠵᠤ ᠠᠬᠤᠶᠢᠯᠠᠯ ᠤᠨ ᠮᠦᠩᠬᠦᠨ ᠬᠦᠢᠯᠬᠡᠬᠡᠨ ᠤ ᠪᠦᠳᠦᠬᠡᠭᠳᠡᠬᠦᠨ ᠢ ᠵᠤᠯᠭᠠᠭᠤᠯᠬᠤ ᠬᠤᠷᠠᠯ ᠬᠤᠷᠠᠯᠳᠤᠭᠤᠯᠵᠤ᠂ ᠰᠢᠶᠠᠨ ᠬᠡᠪᠴᠢᠶᠠᠨ ᠤ 150 ᠭᠠᠷᠤᠢ ᠨᠡᠷᠡᠳᠦ ᠠᠵᠤ ᠠᠬᠤᠶᠢᠯᠠᠯ ᠤᠨ ᠬᠠᠷᠢᠭᠤᠴᠠᠯᠭᠠᠳᠠᠨ ᠬᠤᠷᠠᠯ ᠳᠤ ᠤᠷᠤᠯᠴᠠᠵᠠᠢ᠃          ᠰᠢᠶᠠᠨ ᠤ ᠠᠵᠤ ᠦᠢᠯᠡᠳᠪᠦᠷᠢ ᠰᠢᠨᠵᠢᠯᠡᠬᠦ ᠮᠡᠷᠬᠡᠵᠢᠯ ᠤᠨ ᠲᠤᠪᠴᠢᠶ᠎ᠠ ᠠᠴᠠ ᠦᠷᠬᠡᠨ ᠤᠯᠠᠨ ᠠᠵᠤ ᠠᠬᠤᠶᠢᠯᠠᠯᠳᠠᠨ ᠳᠤ ᠡᠯ᠎ᠡ ᠰᠠᠯᠠᠭ᠎ᠠ ᠮᠦᠴᠢᠷ ᠤᠨ ᠲᠤᠮᠳᠠ ᠪᠠᠭ᠎ᠠ ᠪᠢᠴᠢᠯ ᠠᠵᠤ ᠠᠬᠤᠶᠢᠯᠠᠯ ᠳᠤ ᠦᠢᠯᠡᠴᠢᠯᠡᠬᠦ ᠠᠵᠢᠯ ᠎ ᠤᠨ ᠬᠠᠷᠢᠭᠤᠴᠠᠯᠭ᠎ᠠ᠂ ᠪᠦᠬᠦ ᠰᠢᠶᠠᠨ ᠤ ᠲᠤᠮᠳᠠ ᠪᠠᠭ᠎ᠠ ᠪᠢᠴᠢᠯ ᠠᠵᠤ ᠠᠬᠤᠶᠢᠯᠠᠯ ᠤᠨ ᠬᠦᠭᠵᠢᠯᠳᠠ ᠶᠢᠨ ᠪᠠᠶᠢᠳᠠᠯ ᠢ ᠲᠠᠨᠢᠯᠴᠠᠭᠤᠯᠤᠨ᠂  ︽ᠬᠠᠪᠰᠤᠷᠤᠨ ᠪᠠᠳᠤᠯᠠᠬᠤ ᠵᠢᠬᠡᠯᠡᠯᠬᠡ︾᠎ ᠶᠢᠨ ᠪᠤᠳᠠᠳᠠᠢ ᠠᠵᠢᠯ ᠢ ᠨᠠᠷᠢᠯᠢᠭ ᠶᠠᠷᠢᠵᠤ ᠲᠠᠶᠢᠯᠪᠤᠷᠢᠯᠠᠨ᠂ ᠠᠵᠤ ᠠᠬᠤᠶᠢᠯᠠᠯ ᠢ ︽ᠲᠤᠰᠬᠠᠢ ᠰᠢᠯᠢᠳᠡᠭ ᠤᠨᠴᠠᠯᠢᠭᠳᠤ ᠰᠢᠨ᠎ᠠ︾ ᠴᠢᠭᠯᠡᠯ ᠢᠶᠠᠷ ᠬᠦᠭᠵᠢᠬᠦᠯᠬᠦ ᠎ ᠶᠢ ᠰᠠᠨᠠᠭᠠᠴᠢᠯᠠᠪᠠ᠃          ᠪᠦᠳᠦᠬᠡᠨ ᠪᠠᠶᠢᠭᠤᠯᠤᠯᠳᠠ ᠶᠢᠨ ᠪᠠᠩᠬᠢ ᠨᠢ ᠲᠤᠮᠳᠠ ᠪᠠᠭ᠎ᠠ ᠪᠢᠴᠢᠯ ᠠᠵᠤ ᠠᠬᠤᠶᠢᠯᠠᠯ ᠤᠨ ᠬᠦᠭᠵᠢᠯᠳᠠ ᠎ ᠶᠢ ᠲᠡᠮᠵᠢᠬᠦ ᠳᠤ ᠤᠪᠤᠷ ᠢᠶᠠᠨ ᠢᠯᠡᠳᠬᠡᠬᠦ ᠶᠢᠨ ᠬᠠᠮᠳᠤ ᠠᠵᠤ ᠠᠬᠤᠶᠢᠯᠠᠯ ᠤᠨ ᠪᠡᠯᠡ ᠴᠤᠭᠯᠠᠭᠤᠯᠬᠤ ᠳᠤ ᠬᠦᠴᠢᠷ ᠲᠦᠪᠡᠭ ᠲᠠᠢ ᠠᠰᠠᠭᠤᠳᠠᠯ ᠳᠤ ᠬᠠᠨᠳᠤᠭᠤᠯᠤᠨ᠂ ᠪᠦᠳᠦᠬᠡᠨ ᠪᠠᠶᠢᠭᠤᠯᠤᠯᠳᠠ ᠶᠢᠨ ᠪᠠᠩᠬᠢ ᠨᠢ ᠨᠢᠬᠡᠨᠳᠠ ᠡᠯ᠎ᠡ ᠲᠦᠷᠦᠯ ᠤᠨ ᠮᠦᠩᠬᠦᠨ ᠬᠦᠢᠯᠬᠡᠬᠡ ᠶᠢᠨ ᠪᠦᠳᠦᠬᠡᠭᠳᠡᠬᠦᠨ ᠢ ᠲᠠᠷᠬᠠᠭᠠᠬᠤ ᠪᠤᠶᠤ ᠨᠢᠬᠡᠨᠳᠠ ᠲᠠᠷᠬᠠᠭᠠᠵᠤ᠂ ᠵᠢᠬᠡᠯᠡᠯᠬᠡ ᠎ ᠶᠢᠨ ᠪᠦᠳᠦᠬᠡᠭᠳᠡᠬᠦᠨ ᠳᠤ ᠨᠠᠷᠢᠯᠢᠭ ᠲᠠᠨᠢᠯᠴᠠᠭᠤᠯᠭ᠎ᠠ ᠬᠢᠪᠠ᠃          ᠬᠤᠷᠠᠯ ᠠᠴᠠ ᠲᠠᠷᠠᠭ᠎ᠠ᠂ ᠤᠯᠠᠨ ᠠᠵᠤ ᠠᠬᠤᠶᠢᠯᠠᠯ ᠤᠨ ᠬᠠᠷᠢᠭᠤᠴᠠᠯᠭᠠᠳᠠᠨ ᠠᠴᠠ ᠰᠠᠨᠠᠭᠠᠴᠢᠯᠠᠭ᠎ᠠ ᠲᠠᠢ ᠎ ᠪᠠᠷ ᠪᠦᠳᠦᠬᠡᠨ ᠪᠠᠶᠢᠭᠤᠯᠤᠯᠳᠠ ᠶᠢᠨ ᠪᠠᠩᠬᠢ ᠲᠠᠢ ᠠᠩᠬ᠎ᠠ ᠠᠯᠬᠤᠮ ᠬᠠᠮᠳᠤᠷᠠᠯᠴᠠᠯ ᠤᠨ ᠬᠠᠨᠳᠤᠰᠢ ᠲᠠᠢ ᠪᠤᠯᠵᠤ᠂ ᠨᠡᠩ ᠬᠦᠨᠵᠡᠬᠡᠢ ᠲᠡᠰᠢ ᠠᠬᠢᠭᠤᠯᠬᠤ ᠶᠢ  ᠬᠦᠰᠡᠭᠰᠡᠨ ᠪᠠᠶᠢᠨ᠎ᠠ᠃ ᠲᠤᠰ ᠤᠳᠠᠭᠠᠨ ᠤ ᠠᠵᠢᠯᠯᠠᠭᠠᠨ ᠨᠢ ᠠᠵᠤ ᠠᠬᠤᠶᠢᠯᠠᠯᠳᠠ ᠤ ᠬᠠᠯᠠᠭᠤᠨ ᠬᠦᠷᠢᠶᠡᠯᠡᠯ ᠢ ᠤᠯᠵᠤ᠂ ᠲᠠᠷᠠᠭ᠎ᠠ ᠠᠯᠬᠤᠮ ᠳᠤ᠂ ᠯᠢᠨᠰᠢ ᠰᠢᠶᠠᠨ ᠨᠢ ᠪᠡᠯᠡ ᠴᠤᠭᠯᠠᠭᠤᠯᠬᠤ ᠪᠠᠶᠢᠴᠠᠭᠠᠨ ᠰᠤᠳᠤᠯᠤᠯᠳᠠ ᠶᠢᠨ ᠠᠵᠢᠯ ᠢ ᠤᠯᠠᠮ ᠰᠠᠶᠢᠳᠤᠷ ᠬᠢᠵᠤ᠂ ᠪᠠᠩᠬᠢ ᠪᠤᠯᠤᠨ ᠠᠵᠤ ᠠᠬᠤᠶᠢᠯᠠᠯ ᠤᠨ ᠬᠤᠭᠤᠷᠤᠨᠳᠤ ᠬᠠᠷᠢᠯᠴᠠᠨ ᠰᠤᠷᠠᠭ ᠵᠠᠩᠬᠢ ᠨᠡᠪᠳᠡᠷᠡᠯᠴᠠᠨ᠂ ᠬᠠᠷᠢᠯᠴᠠᠨ ᠬᠠᠮᠵᠢᠯᠴᠠᠬᠤ ᠪᠠᠷ ᠲᠠᠮᠵᠢᠨ ᠯᠢᠨᠰᠢ ᠰᠢᠶᠠᠨ ᠤ ᠲᠤᠮᠳᠠ ᠪᠠᠭ᠎ᠠ ᠪᠢᠴᠢᠯ ᠠᠵᠤ ᠠᠬᠤᠶᠢᠯᠠᠯ ᠤᠨ ᠡᠷᠡᠬᠦᠯ ᠬᠦᠭᠵᠢᠯᠳᠠ ᠶᠢ ᠢᠳᠡᠪᠬᠢᠳᠠᠢ ᠠᠬᠢᠭᠤᠯᠬᠤ ᠪᠤᠯᠤᠨ᠎ᠠ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号