ᠮᠠᠠ ᠤ ᠰᠢᠶᠠᠨ ᠦᠪᠡᠷᠳᠡᠬᠡᠨ ᠵᠠᠰᠠᠬᠤ ᠤᠷᠤᠨ ᠤ ᠪᠤᠯᠪᠠᠰᠤᠨ ᠬᠤᠳᠠ ᠶᠢᠨ ᠲᠠᠬᠢᠨ ᠪᠠᠶᠢᠴᠠᠭᠠᠯᠳᠠ ᠶᠢᠨ ᠠᠵᠢᠯ ᠢ ᠵᠤᠬᠢᠴᠠᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-07-16
       ᠦᠢᠷ᠎ᠠ ᠳᠤ᠂ ᠮᠠᠠ ᠤ ᠰᠢᠶᠠᠨ ᠦᠪᠡᠷᠳᠡᠬᠡᠨ ᠵᠠᠰᠠᠬᠤ ᠤᠷᠤᠨ ᠤ ᠪᠤᠯᠪᠠᠰᠤᠨ ᠬᠤᠳᠠ ᠶᠢᠨ ᠲᠠᠬᠢᠨ ᠪᠠᠶᠢᠴᠠᠭᠠᠯᠳᠠ ᠶᠢᠨ ᠠᠵᠢᠯ ᠢ ᠵᠤᠬᠢᠴᠠᠭᠤᠯᠬᠤ ᠬᠤᠷᠠᠯ ᠬᠤᠷᠠᠯᠳᠤᠵᠤ᠂ ᠦᠪᠡᠷᠳᠡᠬᠡᠨ ᠵᠠᠰᠠᠬᠤ ᠤᠷᠤᠨ ᠤ ᠪᠤᠯᠪᠠᠰᠤᠨ ᠬᠤᠳᠠ ᠶᠢᠨ ᠲᠠᠬᠢᠨ ᠪᠠᠶᠢᠴᠠᠭᠠᠯᠳᠠ ᠶᠢᠨ ᠠᠵᠢᠯ ᠳᠤ ᠪᠠᠶᠢᠷᠢᠯᠠᠭᠤᠯᠤᠯᠳᠠ ᠬᠢᠵᠠᠢ᠃ ᠰᠢᠶᠠᠨ ᠤ ᠨᠠᠮ ᠤᠨ ᠬᠤᠷᠢᠶ᠎ᠠ  ᠶᠢᠨ ᠪᠠᠶᠢᠩᠭᠤ ᠶᠢᠨ ᠬᠡᠰᠢᠬᠦᠨ᠂ ᠤᠬᠠᠭᠤᠯᠬᠤ ᠬᠡᠯᠳᠡᠰ ᠤᠨ ᠲᠠᠷᠤᠭ᠎ᠠ ᠸᠠᠩ ᠯᠢ ᠨᠠ ᠬᠤᠷᠠᠯ ᠳᠤ ᠰᠠᠭᠠᠳᠠᠵᠤ ᠶᠠᠷᠢᠶ᠎ᠠ ᠲᠠᠯᠪᠢᠪᠠ᠃
       ᠬᠤᠷᠠᠯ ᠠᠴᠠ ᠴᠢᠬᠤᠯᠠᠴᠢᠯᠠᠭᠰᠠᠨ ᠨᠢ᠂ ᠨᠢᠬᠡ ᠳᠤ ᠦᠵᠡᠯ ᠰᠠᠨᠠᠭ᠎ᠠ ᠲᠠᠨᠢᠯᠳᠠ ᠪᠠᠨ ᠨᠢᠬᠡᠳᠦᠯᠵᠢᠬᠦᠯᠦᠨ᠂ ᠵᠤᠭᠰᠤᠴᠠ ᠪᠠᠨ ᠲᠡᠬᠡᠭᠰᠢᠯᠡᠬᠦᠯᠬᠦ ᠬᠡᠷᠡᠭᠳᠠᠢ︔ ᠬᠤᠶᠠᠷ ᠲᠤ ᠬᠠᠷᠠᠯᠳᠠ ᠱᠠᠭᠠᠷᠳᠠᠯᠭ᠎ᠠ ᠪᠠᠨ ᠲᠤᠳᠤᠷᠬᠠᠶᠢᠯᠠᠨ᠂ ᠡᠬᠦᠷᠬᠡ ᠶᠢᠨ ᠨᠠᠷᠢᠯᠢᠭ ᠤᠨᠤᠪᠴᠢᠳᠠᠢ ᠪᠠᠶᠢᠬᠤ ᠶᠢ ᠪᠠᠳᠤᠯᠠᠬᠤ ᠬᠡᠷᠡᠭᠳᠠᠢ︔ ᠭᠤᠷᠪᠠ ᠳᠤ ᠤᠬᠠᠭᠤᠯᠭ᠎ᠠ ᠶᠢᠨ ᠬᠦᠴᠦᠯᠠᠴᠠ ᠪᠠᠨ ᠨᠡᠮᠡᠭᠳᠡᠬᠦᠯᠦᠨ᠂ ᠢᠳᠡᠪᠬᠢᠳᠠᠢ ᠠᠭᠤᠷ ᠠᠮᠢᠰᠬᠤᠯ ᠢ ᠪᠠᠳᠤᠯᠠᠬᠤ ᠬᠡᠷᠡᠭᠳᠠᠢ︔ ᠲᠦᠷᠪᠡ ᠳᠤ ᠱᠠᠭᠠᠷᠳᠠᠨ ᠪᠠᠶᠢᠴᠠᠭᠠᠵᠤ ᠵᠢᠯᠤᠭᠤᠳᠬᠤ ᠪᠠᠨ ᠴᠢᠩᠭᠠᠳᠬᠠᠨ᠂ ᠠᠵᠢᠯ ᠤᠨ ᠦᠷ᠎ᠠ ᠪᠦᠳᠦᠮᠵᠢ ᠶᠢ ᠪᠠᠳᠤᠯᠠᠬᠤ ᠬᠡᠷᠡᠭᠳᠠᠢ ᠬᠡᠵᠠᠢ᠃        ᠬᠤᠷᠠᠯ ᠠᠴᠠ ︽ᠦᠪᠡᠷᠳᠡᠬᠡᠨ ᠵᠠᠰᠠᠬᠤ ᠤᠷᠤᠨ ᠤ ᠪᠤᠯᠪᠠᠰᠤᠨ ᠬᠤᠳᠠ ᠶᠢᠨ ᠲᠤᠬᠠᠢ ᠶᠢᠨ ᠭᠠᠵᠠᠷ ᠲᠤᠨᠢ ᠲᠤᠭᠤᠷᠢᠨ ᠪᠠᠶᠢᠴᠠᠭᠠᠵᠤ ᠭᠤᠤᠯᠳᠠᠯᠭ᠎ᠠ ᠲᠠᠢ ᠪᠦᠳᠦᠬᠡᠨ ᠪᠠᠶᠢᠭᠤᠯᠬᠤ ᠡᠬᠦᠷᠬᠡ ᠶᠢᠨ ᠲᠤᠳᠤᠷᠬᠠᠢ ᠬᠠᠭᠤᠳᠠᠰᠤ︾ ᠳᠤ ᠲᠠᠶᠢᠯᠪᠤᠷᠢᠯᠠᠯᠳᠠ ᠬᠢᠵᠤ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠪᠤᠯᠪᠠᠰᠤᠨ ᠬᠤᠳᠠ ᠶᠢ ᠪᠦᠳᠦᠬᠡᠨ ᠪᠠᠶᠢᠭᠤᠯᠬᠤ ᠠᠵᠢᠯ ᠳᠤ ᠪᠤᠳᠠᠳᠠᠢ ᠱᠠᠭᠠᠷᠳᠠᠯᠭ᠎ᠠ ᠲᠤᠷᠠᠳᠴᠠᠢ᠃        ᠰᠢᠶᠠᠨ ᠤ ᠪᠤᠯᠪᠠᠰᠤᠨ ᠤ ᠵᠦᠪᠯᠡᠯ ᠤᠨ ᠡᠯ᠎ᠡ ᠪᠦᠷᠢᠯᠳᠦᠬᠦᠨ ᠨᠢᠬᠡᠴᠡ᠂ ᠰᠢᠶᠠᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠪᠠᠶᠢᠭᠤᠯᠭ᠎ᠠ ᠨᠢᠬᠡᠴᠡ ᠶᠢᠨ ᠭᠤᠤᠯ ᠬᠠᠷᠢᠭᠤᠴᠠᠯᠭᠠᠳᠠᠨ ᠬᠤᠷᠠᠯ ᠳᠤ ᠤᠷᠤᠯᠴᠠᠵᠠᠢ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号