ᠯᠢᠨᠰᠢ ᠰᠢᠶᠠᠨ ᠬᠢᠳᠡᠳ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠬᠦᠭᠵᠢᠯᠳᠠ ᠶᠢᠨ ᠰᠤᠯᠢᠯᠴᠠᠭᠠᠨ  ᠤ ᠲᠠᠨᠢᠯᠴᠠᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-07-16
             7 ᠰᠠᠷ᠎ᠠ ᠶᠢᠨ11 ᠡᠳᠦᠷ ᠠᠴᠠ14 ᠤ ᠡᠳᠦᠷ᠂ ᠪᠡᠭᠡᠵᠢᠩ ᠤᠨ ᠬᠢᠳᠡᠳ ᠡᠮ ᠡᠮᠨᠡᠯᠬᠡ ᠶᠢᠨ ᠶᠡᠭᠡ ᠰᠤᠷᠭᠠᠭᠤᠯᠢ ᠶᠢᠨ ᠡᠷᠡᠬᠦᠯ ᠴᠢᠬᠢᠷᠠᠭ ᠤᠨ ᠠᠵᠤ ᠦᠢᠯᠡᠰ ᠤᠨ ᠶᠡᠷᠦᠩᠬᠡᠢ ᠵᠠᠬᠢᠷᠤᠯ ᠤᠨ ᠪᠤᠯᠪᠠᠰᠤᠷᠠᠯ ᠤᠨ ᠠᠩᠬᠢ ᠯᠢᠨᠰᠢ ᠰᠢᠶᠠᠨ ᠳᠤ ᠡᠷᠬᠢᠯᠡᠪᠡ᠃ ᠪᠡᠬᠡᠵᠢᠩ ᠤᠨ ᠬᠢᠳᠡᠳ ᠡᠮ ᠡᠮᠨᠡᠯᠬᠡ ᠶᠢᠨ ᠶᠡᠭᠡ ᠰᠤᠷᠭᠠᠭᠤᠯᠢ ᠶᠢᠨ ᠫᠷᠤᠹᠧᠰᠰᠤᠷ᠂ ᠪᠦᠬᠦ ᠤᠯᠤᠰ ᠤᠨ ᠡᠯ᠎ᠡ ᠬᠢᠳᠡᠳ ᠡᠮ ᠤᠨ ᠡᠷᠡᠬᠦᠯ ᠴᠢᠬᠢᠷᠠᠭ ᠠᠵᠤ ᠦᠢᠯᠡᠰ ᠤᠨ ᠠᠵᠤ ᠠᠬᠤᠶᠢᠯᠠᠯ ᠤᠨ ᠬᠠᠷᠢᠭᠤᠴᠠᠯᠭᠠᠳᠠᠨ100 ᠭᠠᠷᠤᠢ ᠬᠦᠮᠦᠰ ᠲᠤᠰ ᠤᠳᠠᠭᠠᠨ ᠤ ᠬᠢᠴᠢᠶᠠᠯ ᠳᠤ ᠤᠷᠤᠯᠴᠠᠪᠠ᠃ ᠡᠨᠡ ᠨᠢ ᠨᠢᠬᠡ ᠤᠳᠠᠭᠠᠨ ᠤ ᠪᠦᠬᠦ ᠤᠯᠤᠰ ᠳᠤ ᠬᠢᠳᠡᠳ ᠡᠮ ᠤᠨ ᠡᠷᠡᠬᠦᠯ ᠴᠢᠬᠢᠷᠠᠭ ᠤᠨ ᠠᠵᠤ ᠦᠢᠯᠡᠰ ᠤᠨ ᠠᠵᠤ ᠠᠬᠤᠶᠢᠯᠠᠯ ᠢ ᠲᠠᠨᠢᠯᠴᠠᠭᠤᠯᠬᠤ ᠯᠢᠨᠰᠢ ᠰᠢᠶᠠᠨ ᠤ ᠴᠢᠬᠤᠯᠠ ᠠᠵᠠ ᠲᠤᠬᠢᠶᠠᠯ᠂ ᠯᠢᠨᠰᠢ ᠰᠢᠶᠠᠨ ᠤ ᠬᠡᠪ ᠨᠠᠮᠪᠠ ᠶᠢ ᠬᠠᠷᠠᠭᠤᠯᠬᠤ ᠬᠦᠷᠦᠩᠬᠡ ᠤᠷᠤᠭᠤᠯᠤᠭᠴᠢᠳ ᠢ ᠲᠠᠳᠠᠬᠤ ᠲᠤᠬᠢᠶᠠᠯ  ᠪᠤᠯᠤᠨ᠎ᠠ᠂ ᠪᠤᠯᠪᠠᠰᠤᠷᠠᠯ ᠡᠬᠢᠯᠡᠬᠦ ᠠᠴᠠ ᠡᠮᠦᠨ᠎ᠠ᠂ ᠯᠢᠨᠰᠢ ᠰᠢᠶᠠᠨ ᠨᠢ ᠬᠢᠳᠡᠳ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠠᠵᠤ ᠠᠬᠤᠶᠢᠯᠠᠯ ᠤᠨ ᠬᠦᠭᠵᠢᠯᠳᠠ ᠳᠤ ᠰᠤᠯᠢᠯᠴᠠᠭᠠᠨ ᠤ ᠲᠠᠨᠢᠯᠴᠠᠭᠤᠯᠭ᠎ᠠ ᠬᠢᠵᠤ᠂ ᠬᠤᠷᠠᠯ ᠢ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠪᠠᠶᠢᠩᠭᠤ ᠶᠢᠨ ᠲᠡᠳ᠋ ᠲᠠᠷᠤᠭ᠎ᠠ ᠲᠢᠶᠠᠨ ᠱᠦ ᠵᠢᠶᠦ᠋ᠨ ᠬᠤᠷᠠᠯ  ᠢ ᠡᠷᠬᠢᠯᠡᠵᠤ᠂ ᠵᠠᠰᠠᠭ ᠤᠨ ᠤᠷᠳᠤᠨ ᠤ ᠰᠢᠶᠠᠨ ᠤ ᠲᠠᠷᠤᠭ᠎ᠠ ᠹᠦ᠋ ᠱᠧᠦ ᠯᠢ ᠶᠠᠷᠢᠶ᠎ᠠ ᠲᠠᠯᠪᠢᠵᠠᠢ᠃ ᠲᠠᠨᠢᠯᠴᠠᠭᠤᠯᠭ᠎ᠠ  ᠶᠢᠨ ᠬᠤᠷᠠᠯ ᠲᠡᠬᠡᠷ᠎ᠠ᠂ ᠰᠢᠶᠠᠨ ᠤ ᠬᠦᠷᠦᠩᠬᠡ ᠤᠷᠤᠭᠤᠯᠤᠭᠴᠢᠳ ᠢ ᠲᠠᠳᠠᠬᠤ ᠤᠬᠠᠭᠤᠯᠭ᠎ᠠ ᠶᠢᠨ ᠹᠢᠯᠢᠮ ᠦᠵᠡᠬᠦᠯᠬᠦ  ᠶᠢᠨ ᠬᠠᠮᠳᠤ ᠬᠤᠷᠠᠯ ᠳᠤ ᠤᠷᠤᠯᠴᠠᠭᠰᠠᠳ ᠠᠵᠤ ᠠᠬᠤᠶᠢᠯᠠᠯ ᠪᠤᠯᠤᠨ ᠵᠤᠴᠢᠳ ᠲᠤ ᠲᠤᠭᠤᠷᠢᠭ᠂ ᠬᠤᠳᠠ᠂ ᠰᠢᠶᠠᠨ  ᠤ ᠭᠤᠷᠪᠠᠨ ᠱᠠᠳᠤᠨ ᠤ ᠵᠠᠰᠠᠭ ᠤᠨ ᠤᠷᠳᠤᠨ ᠤ ᠬᠦᠷᠦᠩᠬᠡ ᠤᠷᠤᠭᠤᠯᠤᠭᠴᠢᠳ ᠢ ᠲᠠᠳᠠᠬᠤ ᠱᠠᠩᠨᠠᠯ ᠤᠨ ᠠᠷᠭ᠎ᠠ ᠵᠢᠴᠢ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢᠨ ᠡᠮᠬᠢᠳᠬᠡᠯ ᠤᠨ ᠮᠠᠲ᠋ᠧᠷᠢᠶᠠᠯ ᠢ ᠲᠠᠷᠤᠮᠠᠯᠯᠠᠨ ᠲᠠᠷᠬᠠᠭᠠᠪᠠ᠃
       ᠯᠢᠨᠰᠢ ᠰᠢᠶᠠᠨ ᠤ ᠠᠷᠠᠳ ᠤᠨ ᠵᠠᠰᠠᠭ ᠤᠨ ᠤᠷᠳᠤᠨ᠂ ᠯᠢᠨᠰᠢ ᠰᠢᠶᠠᠨ ᠤ ᠠᠷᠠᠯᠵᠢᠶᠠᠴᠢᠨ ᠤᠷᠢᠵᠤ ᠪᠡᠯᠡ ᠲᠠᠳᠠᠬᠤ ᠲᠤᠪᠴᠢᠶ᠎ᠠ ᠵᠡᠷᠬᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠤᠳᠤᠷᠢᠳᠤᠯᠭ᠎ᠠ ᠲᠤᠰ ᠤᠳᠠᠭᠠᠨ ᠤ ᠲᠠᠨᠢᠯᠴᠠᠭᠤᠯᠭ᠎ᠠ ᠶᠢᠨ ᠬᠤᠷᠠᠯ ᠳᠤ ᠤᠷᠤᠯᠴᠠᠪᠠ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号